ᠮᠣᠩᠭᠣᠯ ᠪᠠᠩᠬᠢ ᠬᠣᠶᠠᠳᠤᠭᠠᠷ ᠰᠠᠷ᠎ᠠ ᠳᠤ 645.1 ᠺᠢᠯᠣᠭ᠍ᠷᠠᠮ ᠦᠨᠡᠲᠦ ᠮᠧᠲ᠋ᠠᠯ ᠬᠤᠳᠠᠯᠳᠤᠨ ᠠᠪᠤᠯ᠎ᠠ | News.MN

ᠮᠣᠩᠭᠣᠯ ᠪᠠᠩᠬᠢ ᠬᠣᠶᠠᠳᠤᠭᠠᠷ ᠰᠠᠷ᠎ᠠ ᠳᠤ 645.1 ᠺᠢᠯᠣᠭ᠍ᠷᠠᠮ ᠦᠨᠡᠲᠦ ᠮᠧᠲ᠋ᠠᠯ ᠬᠤᠳᠠᠯᠳᠤᠨ ᠠᠪᠤᠯ᠎ᠠ

ᠮᠣᠩᠭᠣᠯ ᠪᠠᠩᠬᠢ 2025 ᠣᠨ ᠤ ᠬᠣᠶᠠᠳᠤᠭᠠᠷ ᠰᠠᠷ᠎ᠠ ᠳᠤ 645.1 ᠺᠢᠯᠣᠭ᠍ᠷᠠᠮ ᠦᠨᠡᠲᠦ ᠮᠧᠲ᠋ᠠᠯ ᠬᠤᠳᠠᠯᠳᠤᠨ ᠠᠪᠴᠤ ᠂ ᠣᠨ ᠤ ᠡᠬᠢᠨ ᠠᠴᠠ ᠥᠰᠦᠭ᠍ᠰᠡᠨ ᠳ᠋ᠦᠩ ᠢᠶᠡᠷ 1.9 ᠲᠣᠨ ᠦᠨᠡᠲᠦ ᠮᠧᠲ᠋ᠠᠯ ᠬᠤᠳᠠᠯᠳᠤᠨ ᠠᠪᠤᠭᠠᠳ ᠪᠡᠢᠨ᠎ᠡ ᠃ ᠡᠨᠡ ᠨᠢ ᠡᠮᠦᠨᠡᠬᠢ ᠣᠨ ᠤ  ᠮᠥᠨ ᠦᠶ᠎ᠡ ᠲᠠᠢ ᠬᠠᠷᠢᠴᠠᠭᠤᠯᠪᠠᠯ 15.1 ᠬᠤᠪᠢ ᠪᠠᠷ ᠪᠠᠭᠤᠷᠠᠭᠰᠠᠨ ᠦᠵᠡᠭᠦᠯᠦᠯᠲᠡ ᠶᠤᠮ᠃

ᠮᠣᠩᠭᠣᠯ ᠪᠠᠩᠬᠢᠨ ᠤ ᠦᠨᠡᠲᠦ ᠮᠧᠲ᠋ᠠᠯ ᠬᠤᠳᠠᠯᠳᠤᠨ ᠠᠪᠬᠤ ᠦᠨ᠎ᠡ ᠶᠢ ᠳᠡᠯᠡᠬᠡᠢ ᠶᠢᠨ ᠵᠠᠬ᠎ᠠ ᠵᠡᠭᠡᠯᠢ ᠶᠢᠨ ᠦᠨ᠎ᠡ ᠪᠠᠷ ᠲᠣᠭᠲᠠᠭᠠᠳᠠᠭ᠃ 2025 ᠣᠨ ᠤ 2 ᠳ᠋ᠤᠭᠠᠷ ᠰᠠᠷ᠎ᠠ ᠳᠤ ᠠᠯᠳᠠ ᠬᠤᠳᠠᠯᠳᠤᠵᠤ ᠠᠪᠬᠤ ᠳᠤᠮᠳᠠᠴᠢ ᠦᠨ᠎ᠡ 321506.03 ᠲᠥᠭᠥᠷᠢᠭ ᠪᠠᠢᠪᠠ ᠃

ᠰᠡᠳᠬᠢᠭᠳᠡᠯ ᠦᠯᠡᠳᠡᠭᠡᠬᠦ