ᠨᠢᠭᠡᠳᠦᠭ᠍ᠰᠡᠨ ᠦᠨᠳᠦᠰᠦᠨ ᠤ ᠪᠠᠢᠭᠤᠯᠤᠯᠭ᠎ᠠ ᠶᠢᠨ ᠪᠣᠯᠪᠠᠰᠤᠷᠠᠯ᠂ ᠰᠤᠶᠦᠯ᠂ ᠰᠢᠨᠵᠢᠯᠡᠬᠦ ᠤᠬᠠᠭᠠᠨ ᠤ ᠪᠠᠢᠭᠤᠯᠤᠯᠭ᠎ᠠ ᠶᠢᠨ ᠰᠣᠶᠤᠯ ᠤᠨ ᠪᠡᠶᠡᠲᠦ ᠪᠤᠰᠤ ᠥᠪ ᠦᠨ ᠰᠠᠩ ᠤᠨ ᠳᠡᠮᠵᠢᠯᠭᠡ ᠲᠠᠢ ᠪᠠᠷ 2024 ᠣᠨ ᠠᠴᠠ ᠬᠡᠷᠡᠭ᠍ᠵᠢᠵᠦ ᠪᠠᠢᠭ᠎ᠠ《ᠮᠣᠩᠭᠣᠯ ᠪᠡᠶ᠎ᠡ ᠪᠡᠶᠡᠯᠡᠭᠡ ᠶᠢ ᠥᠪᠯᠡᠭᠦᠯᠤᠨ ᠤᠯᠠᠮᠵᠢᠯᠠᠭᠤᠯᠵᠤ᠂ ᠲᠣᠭᠲᠠᠪᠤᠷᠢᠵᠢᠭᠤᠯᠬᠤ ᠨᠢ》ᠲᠥᠰᠥᠯ ᠦᠨ ᠬᠦᠷᠢᠶᠡᠨ ᠳᠤ ᠠᠢᠮᠠᠭ ᠤᠨ ᠮᠦᠽᠧᠢ ᠶᠢᠨ ᠳᠡᠷᠭᠡᠳᠡ《ᠤᠷᠢᠶᠠᠩᠬᠠᠢ ᠪᠡᠶ᠎ᠡ ᠪᠡᠶᠡᠯᠡᠭᠡᠨ ᠤ ᠱᠠᠪᠢ ᠰᠤᠷᠭᠠᠯᠲᠠ 》 ᠶᠢ ᠬᠤᠶᠠᠳᠠᠬᠢ ᠵᠢᠯ ᠳᠤ ᠪᠠᠨ ᠵᠣᠬᠢᠶᠠᠨ ᠪᠠᠢᠭᠤᠯᠵᠤ ᠪᠡᠢᠨ᠎ᠡ ᠃ ᠃
ᠡᠨᠡ ᠵᠢᠯ ᠦᠨ ᠰᠤᠷᠭᠠᠯᠲᠠ ᠶᠢ《ᠮᠦᠽᠧᠢ ᠶᠢᠨ ᠨᠡᠭᠡᠭᠡᠯᠲᠡ ᠲᠠᠢ ᠡᠳᠦᠷ ᠤᠳ》 ᠢ ᠲᠣᠬᠢᠶᠠᠯᠳᠤᠭᠤᠯᠤᠨ 14 ᠬᠡᠦᠬᠡᠳ ᠂ 1 ᠪᠠᠭ᠌ᠰᠢ ᠶᠢᠨ ᠣᠷᠣᠯᠴᠠᠭ᠎ᠠ ᠲᠠᠢ ᠪᠡᠷ ᠮᠦᠽᠧᠢ ᠶᠢᠨ ᠪᠣᠯᠪᠠᠰᠤᠷᠠᠯ ᠤᠨ ᠲᠠᠩᠬᠢᠮ ᠳᠤ ᠶᠠᠪᠤᠭᠤᠯᠵᠤ ᠡᠬᠢᠯᠡᠯ᠎ᠡ᠃ ᠦᠨᠭᠭᠡᠷᠡᠭ᠍ᠰᠡᠠ ᠵᠢᠯ ᠰᠤᠷᠭᠠᠯᠲᠠ ᠳᠤ 20 ᠭᠠᠷᠤᠢ ᠬᠡᠦᠬᠡᠳ ᠬᠠᠮᠤᠷᠤᠭᠳᠠᠵᠤ ᠪᠠᠢᠵᠠᠢ ᠃