ᠮᠣᠩᠭᠣᠯ ᠣᠷᠣᠨ ᠤ ᠨᠤᠲᠤᠭ ᠳᠡᠪᠢᠰᠭᠡᠷ ᠪᠣᠯᠤᠨ ᠬᠢᠯᠢ ᠣᠷᠴᠢᠮ ᠤᠨ ᠪᠦᠰᠡ ᠨᠤᠲᠤᠭ ᠲᠤ 2024 ᠣᠨ ᠤ ᠨᠢᠭᠡᠳᠦᠭᠡᠷ ᠰᠠᠷ᠎ᠠ ᠠᠴᠠ ᠠᠷᠪᠠᠨ ᠬᠣᠶᠠᠳᠤᠭᠠᠷ ᠰᠠᠷ᠎ᠠ ᠬᠦᠷᠲᠡᠯ᠎ᠡ ᠨᠡᠢᠲᠡ 38304 ᠤᠳᠠᠭ᠎ᠠ ᠶᠢᠨ ᠭᠠᠵᠠᠷ ᠬᠥᠳᠡᠯᠦᠯᠲᠡ ᠪᠣᠯᠵᠡᠢ᠃ ᠡᠭᠦᠨ ᠡᠴᠡ ᠮᠣᠩᠭᠣᠯ ᠣᠷᠣᠨ ᠤ ᠨᠤᠲᠤᠭ ᠳᠡᠪᠢᠰᠭᠡᠷ ᠲᠦ 22610 ᠤᠳᠠᠭ᠎ᠠ ᠶᠢᠨ ᠭᠠᠵᠠᠷ ᠬᠥᠳᠡᠯᠦᠯᠲᠡ ᠪᠣᠯᠤᠭᠰᠠᠨ ᠪᠠᠢᠨ᠎ᠠ᠃ ᠡᠳᠡᠭᠡᠷ ᠳᠣᠲᠣᠷ᠎ᠠ 3.5-4.4 ᠮᠠᠭᠨᠢᠲ ᠦᠳ ᠦᠨ ᠬᠦᠴᠦ ᠲᠡᠢ ᠭᠠᠵᠠᠷ ᠬᠥᠳᠡᠯᠦᠯᠲᠡ 36 ᠤᠳᠠᠭ᠎ᠠ᠂ 4.5-5.6 ᠮᠠᠭᠨᠢᠲ ᠦᠳ ᠦᠨ ᠬᠦᠴᠦ ᠲᠡᠢ ᠭᠠᠵᠠᠷ ᠬᠥᠳᠡᠯᠦᠯᠲᠡ ᠳᠥᠷᠪᠡᠨ ᠤᠳᠠᠭ᠎ᠠ ᠪᠦᠷᠢᠳᠬᠡᠭᠳᠡᠭᠰᠡᠨ ᠠᠵᠠᠢ᠃