ᠡᠨᠡᠳᠬᠡᠭ ᠤᠯᠤᠰ ᠲᠤ ᠰᠤᠷᠴᠤ ᠪᠤᠢ ᠯᠠᠮᠠᠬᠠᠢ ᠨᠠᠷ ᠢ ᠶᠡᠷᠦᠩᠬᠡᠢ ᠪᠣᠯᠪᠠᠰᠤᠷᠠᠯ ᠪᠣᠯᠤᠨ ᠮᠣᠩᠭᠣᠯ ᠬᠡᠯᠡ ᠪᠢᠴᠢᠭ᠂ ᠰᠤᠶᠤᠯ ᠤᠨ ᠬᠥᠲᠥᠯᠪᠦᠷᠢ ᠶᠢᠨ ᠰᠤᠷᠭᠠᠯᠲᠠ ᠳᠤ ᠬᠠᠮᠤᠷᠤᠭᠤᠯᠤᠨ᠎ᠠ᠃ ᠪᠣᠯᠪᠠᠰᠤᠷᠠᠯ ᠤᠨ ᠶᠠᠮᠤᠨ ᠠᠴᠠ ᠡᠨᠡᠳᠬᠡᠭ ᠦᠨ ᠪᠤᠳ᠋ᠳ᠋ᠾᠠ ᠶᠢᠨ ᠱᠠᠰᠢᠨ ᠤ ᠳ᠋ᠠᠴᠠᠩ᠂ ᠬᠡᠢᠳ ᠲᠦ ᠱᠠᠪᠢᠯᠠᠨ ᠰᠤᠷᠴᠤ ᠪᠤᠢ ᠬᠡᠦᠬᠡᠳ ᠵᠠᠯᠠᠭᠤᠰ ᠢ ᠪᠦᠷᠢᠳᠬᠡᠵᠦ᠂ ᠶᠡᠷᠦᠩᠬᠡᠢ ᠪᠣᠯᠪᠠᠰᠤᠷᠠᠯ ᠨᠥᠬᠥᠨ ᠣᠯᠭᠣᠬᠤ ᠬᠥᠲᠥᠯᠪᠦᠷᠢ ᠳᠦ ᠬᠠᠮᠤᠷᠤᠭᠳᠠᠬᠤ ᠨᠥᠬᠥᠴᠡᠯ ᠪᠠᠢᠳᠠᠯ ᠤᠨ ᠦᠨᠡᠯᠡᠭᠡ ᠶᠢ ᠬᠢᠪᠡ᠃
ᠣᠳᠣ ᠪᠠᠷ ᠲᠤᠰ ᠤᠯᠤᠰ ᠤᠨ ᠪᠤᠳ᠋ᠳ᠋ᠾᠠ ᠶᠢᠨ 14 ᠳ᠋ᠠᠴᠠᠩ᠂ ᠬᠡᠢᠳ ᠲᠦ 407 ᠬᠡᠦᠬᠡᠳ᠂ ᠵᠠᠯᠠᠭᠤᠰ ᠰᠤᠷᠴᠤ ᠪᠠᠢᠨ᠎ᠠ᠃ ᠰᠠᠯᠪᠤᠷᠢ ᠶᠢᠨ ᠶᠠᠮᠤᠨ ᠤ ᠬᠢᠨ ᠳ᠋ᠠᠴᠠᠩ ᠬᠡᠢᠳ ᠦᠨ ᠤᠳᠤᠷᠢᠳᠤᠯᠭ᠎ᠠ ᠨᠠᠷ ᠲᠠᠢ ᠵᠥᠪᠯᠡᠯᠳᠦᠵᠦ᠂ ᠰᠤᠷᠭᠠᠯᠲᠠ ᠶᠢᠨ ᠴᠠᠭ ᠤᠨ ᠬᠤᠪᠢᠶᠠᠷᠢ ᠲᠠᠢ ᠨᠢ ᠤᠶᠠᠯᠳᠤᠭᠤᠯᠤᠨ ᠶᠡᠷᠦᠩᠬᠡᠢ ᠪᠣᠯᠪᠠᠰᠤᠷᠠᠯ᠂ ᠪᠣᠯᠪᠠᠰᠤᠷᠠᠯ ᠨᠥᠬᠥᠨ ᠣᠯᠭᠣᠬᠤ ᠬᠥᠲᠥᠯᠪᠦᠷᠢ ᠳᠦ ᠬᠠᠮᠤᠷᠤᠭᠤᠯᠬᠤ ᠪᠠᠷ ᠪᠣᠯᠵᠠᠢ᠃ ᠮᠥᠨ ᠮᠣᠩᠭᠣᠯ ᠬᠡᠯᠡ ᠪᠢᠴᠢᠭ᠂ ᠰᠤᠶᠤᠯ ᠤᠨ ᠬᠥᠲᠥᠯᠪᠦᠷᠢ ᠶᠢᠨ ᠰᠤᠷᠭᠠᠯᠲᠠ ᠳᠤ ᠬᠠᠮᠤᠷᠤᠭᠤᠯᠬᠤ ᠪᠠᠷ ᠲᠥᠯᠥᠪᠯᠡᠵᠦ ᠪᠠᠢᠨ᠎ᠠ᠃