《ᠮᠣᠤᠰᠢᠨ ᠮᠣᠩᠭᠣᠯᠢᠶᠠ》ᠣᠷᠴᠢᠨ ᠦᠶ᠎ᠡ ᠶᠢᠨ ᠪᠦᠵᠢᠭ ᠦᠨ ᠨᠠᠭᠠᠳᠤᠮ ᠪᠣᠯᠤᠨ᠎ᠠ | News.MN

《ᠮᠣᠤᠰᠢᠨ ᠮᠣᠩᠭᠣᠯᠢᠶᠠ》ᠣᠷᠴᠢᠨ ᠦᠶ᠎ᠡ ᠶᠢᠨ ᠪᠦᠵᠢᠭ ᠦᠨ ᠨᠠᠭᠠᠳᠤᠮ ᠪᠣᠯᠤᠨ᠎ᠠ

《ᠮᠣᠤᠰᠢᠨ ᠮᠣᠩᠭᠣᠯᠢᠶᠠ》 ᠣᠯᠠᠨ ᠤᠯᠤᠰ ᠤᠨ ᠣᠷᠴᠢᠨ ᠦᠶ᠎ᠡ ᠶᠢᠨ ᠪᠦᠵᠢᠭ ᠦᠨ ᠳᠥᠷᠪᠡᠳᠦᠭᠡᠷ ᠨᠠᠭᠠᠳᠤᠮ ᠡᠨᠡ ᠰᠠᠷ᠎ᠠ ᠶᠢᠨ 14-20 ᠳᠦ ᠪᠣᠯᠤᠨ᠎ᠠ᠃

ᠡᠨᠡ ᠬᠦ ᠪᠦᠵᠢᠭ ᠦᠨ ᠨᠠᠭᠠᠳᠤᠮ ᠨᠢ ᠳᠡᠯᠡᠬᠡᠢ ᠶᠢᠨ ᠰᠢᠯᠢᠳᠡᠭ ᠣᠷᠴᠢᠨ ᠦᠶ᠎ᠡ ᠶᠢᠨ ᠪᠦᠵᠢᠭ ᠢ ᠮᠣᠩᠭᠣᠯ ᠤᠨ ᠦᠵᠡᠭᠴᠢᠳ ᠲᠦ ᠬᠦᠷᠭᠡᠬᠦ᠂ ᠪᠦᠵᠢᠭ ᠦᠨ ᠰᠠᠯᠪᠤᠷᠢ ᠶᠢᠨ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ ᠶᠢ ᠨᠡᠮᠡᠭᠳᠡᠭᠦᠯᠬᠦ ᠵᠣᠷᠢᠯᠭ᠎ᠠ ᠪᠠᠷ 2018 ᠣᠨ ᠳᠤ ᠠᠩᠬ᠎ᠠ ᠤᠳᠠᠭ᠎ᠠ ᠵᠣᠬᠢᠶᠠᠨ ᠪᠠᠢᠭᠤᠯᠵᠤ᠂ ᠠᠮᠧᠷᠢᠺᠠ ᠂ ᠺᠠᠨᠠᠳᠠ᠂ ᠣᠷᠣᠰ ᠪᠣᠯᠤᠨ ᠮᠣᠩᠭᠣᠯ ᠤᠨ ᠣᠷᠴᠢᠨ ᠦᠶ᠎ᠡ ᠶᠢᠨ ᠪᠦᠵᠢᠭ ᠢ ᠲᠣᠯᠢᠯᠠᠭᠤᠯᠵᠤ ᠪᠠᠢᠪᠠ᠃ ᠮᠥᠨ 2021 ᠣᠨ ᠳᠤ 《ᠬᠣᠲᠠ ᠶᠢᠨ ᠬᠡᠮᠨᠡᠯ》ᠰᠡᠳᠦᠪ ᠦᠨ ᠳᠣᠣᠷ᠎ᠠ ᠮᠡᠷᠭᠡᠵᠢᠯ ᠦᠨ ᠪᠦᠵᠢᠭᠴᠢᠳ ᠪᠣᠯᠤᠨ ᠪᠦᠵᠢᠭ ᠰᠣᠨᠢᠷᠬᠠᠭᠴᠢᠳ ᠤᠨ ᠳᠤᠮᠳᠠ ᠤᠷᠤᠯᠳᠤᠭᠠᠨ ᠵᠠᠷᠯᠠᠵᠤ᠂ ᠰᠢᠯᠢᠳᠡᠭ ᠦᠳ ᠢ  ᠰᠢᠯᠭᠠᠷᠠᠭᠤᠯᠵᠤ ᠪᠠᠢᠭᠰᠠᠨ ᠶᠤᠮ᠃

ᠰᠡᠳᠬᠢᠭᠳᠡᠯ ᠦᠯᠡᠳᠡᠭᠡᠬᠦ