ᠵᠠᠰᠠᠭ ᠤᠨ ᠭᠠᠵᠠᠷ ᠤᠨ ᠬᠤᠷᠠᠯᠳᠤᠭᠠᠨ ᠳᠤ 《ᠲᠠᠪᠤᠨᠲᠣᠯᠣᠭᠠᠢ》 ᠳᠤᠯᠠᠭᠠᠨ ᠤ ᠴᠠᠬᠢᠯᠭᠠᠨ ᠰᠲ᠋ᠠᠨᠼ ᠲᠥᠰᠥᠯ ᠦᠨ ᠶᠠᠪᠤᠴᠠ ᠶᠢ ᠡᠷᠴᠢᠮ ᠬᠦᠴᠦᠨ ᠦ ᠰᠠᠢᠳ ᠪ ∙ ᠴᠣᠢᠵᠢᠯᠰᠦ᠋ᠷᠦᠩ ᠲᠠᠨᠢᠯᠴᠠᠭᠤᠯᠤᠯ᠎ᠠ᠃
ᠰᠲ᠋ᠠᠨᠼ ᠤᠨ ᠪᠠᠷᠢᠯᠭ᠎ᠠ ᠤᠭᠰᠠᠷᠠᠯᠲᠠ ᠶᠢᠨ ᠠᠵᠢᠯ ᠤᠨ ᠭᠦᠢᠴᠡᠳᠬᠡᠭᠴᠢ ᠶᠢ ᠰᠣᠩᠭᠣᠨ ᠰᠢᠯᠭᠠᠷᠠᠭᠤᠯᠬᠤ ᠲᠧᠨᠳᠧᠷ ᠢ 2023 ᠣᠨ ᠤ ᠵᠢᠷᠭᠤᠳᠤᠭᠠᠷ ᠰᠠᠷ᠎ᠠ ᠳᠤ ᠵᠠᠷᠯᠠᠭᠰᠠᠨ ᠪᠣᠯᠪᠠᠴᠤ ᠲᠧᠨᠳᠧᠷ ᠲᠦ ᠣᠷᠣᠯᠴᠠᠭᠴᠢᠳ ᠰᠢᠭᠦᠬᠦ ᠳᠦ ᠨᠡᠬᠡᠮᠵᠢᠯᠡᠯ ᠭᠠᠷᠭᠠᠵᠤ ᠮᠠᠷᠭᠤᠭᠠᠨ ᠬᠢᠨᠠᠨ ᠰᠢᠢᠳᠪᠦᠷᠢᠯᠡᠬᠦ ᠠᠵᠢᠯᠯᠠᠭ᠎ᠠ 2024 ᠣᠨ ᠤ ᠠᠷᠪᠠᠨ ᠬᠣᠶᠠᠳᠤᠭᠠᠷ ᠰᠠᠷ᠎ᠠ ᠬᠦᠷᠲᠡᠯ᠎ᠡ ᠦᠷᠭᠦᠯᠵᠢᠯᠡᠵᠦ᠂ ᠤᠯᠤᠰ ᠤᠨ ᠳᠡᠭᠡᠳᠦ ᠰᠢᠭᠦᠬᠦ ᠶᠢᠨ ᠬᠢᠨᠠᠯᠲᠠ ᠶᠢᠨ ᠱᠠᠲᠤᠨ ᠤ ᠲᠣᠭᠲᠠᠭᠠᠯ ᠢᠶᠠᠷ ᠨᠡᠬᠡᠮᠵᠢᠯᠡᠭᠴᠢ ᠶᠢᠨ ᠨᠡᠬᠡᠮᠵᠢᠯᠡᠯ ᠦᠨ ᠱᠠᠭᠠᠷᠳᠠᠯᠭ᠎ᠠ ᠶᠢ ᠪᠦᠬᠦᠯᠢ ᠳᠦ ᠨᠢ ᠬᠡᠷᠡᠭᠰᠡᠬᠦ ᠦᠭᠡᠢ ᠪᠣᠯᠭᠠᠭᠰᠠᠨ ᠶᠤᠮ᠃
ᠲᠡᠭᠡᠭᠡᠳ ᠲᠥᠰᠥᠯ ᠦᠨ ᠪᠠᠷᠢᠯᠭ᠎ᠠ ᠤᠭᠰᠠᠷᠠᠯᠲᠠ ᠶᠢᠨ ᠠᠵᠢᠯ ᠤᠨ ᠭᠦᠢᠴᠡᠳᠬᠡᠭᠴᠢ᠂ ᠰᠠᠩᠬᠦᠵᠢᠭᠦᠯᠦᠭᠴᠢ ᠶᠢ ᠰᠣᠩᠭᠣᠨ ᠰᠢᠯᠭᠠᠷᠠᠭᠤᠯᠬᠤ ᠳᠤ ᠲᠤᠯᠭᠠᠮᠳᠠᠵᠤ ᠪᠤᠢ ᠠᠰᠠᠭᠤᠳᠠᠯ ᠤᠨ ᠬᠦᠷᠢᠶᠡᠨ ᠳᠦ ᠬᠣᠯᠪᠣᠭᠳᠠᠬᠤ ᠬᠠᠤᠯᠢ᠂ ᠡᠷᠬᠡ ᠵᠦᠢ ᠶᠢᠨ ᠤᠷᠴᠢᠨ ᠳᠤ ᠥᠭᠡᠷᠡᠴᠢᠯᠡᠯᠲᠡ ᠤᠷᠤᠭᠤᠯᠬᠤ ᠠᠷᠭ᠎ᠠ ᠬᠡᠮᠵᠢᠶ᠎ᠡ ᠶᠢ ᠠᠪᠴᠤ ᠠᠵᠢᠯᠯᠠᠬᠤ ᠶᠢ ᠬᠣᠯᠪᠣᠭᠳᠠᠬᠤ ᠠᠯᠪᠠᠨ ᠲᠤᠰᠢᠶᠠᠯᠲᠠᠳ ᠲᠤ ᠬᠤᠷᠠᠯ ᠠᠴᠠ ᠳᠠᠭᠠᠭᠠᠯᠭᠠᠭᠰᠠᠨ ᠶᠤᠮ ᠪᠠᠢᠨ᠎ᠠ᠃