ᠵᠠᠭ᠂ ᠲᠣᠣᠷᠠᠢ ᠮᠣᠳᠣ ᠪᠠᠷ ᠲᠥᠯᠥᠪᠯᠡᠭᠡᠲᠦ ᠴᠡᠭ ᠦᠳ ᠢ ᠨᠥᠬᠥᠨ ᠰᠡᠷᠭᠦᠭᠡᠨ᠎ᠡ | News.MN

ᠵᠠᠭ᠂ ᠲᠣᠣᠷᠠᠢ ᠮᠣᠳᠣ ᠪᠠᠷ ᠲᠥᠯᠥᠪᠯᠡᠭᠡᠲᠦ ᠴᠡᠭ ᠦᠳ ᠢ ᠨᠥᠬᠥᠨ ᠰᠡᠷᠭᠦᠭᠡᠨ᠎ᠡ

ᠡᠮᠦᠨᠡᠭᠣᠪᠢ ᠠᠢᠮᠠᠭ ᠤᠨ ᠪᠠᠢᠭᠠᠯᠢ ᠣᠷᠴᠢᠨ ᠤ ᠭᠠᠵᠠᠷ ᠤᠨ ᠬᠢᠨ ᠠᠭᠤᠯᠠ ᠠᠭᠤᠷᠬᠠᠢ ᠶᠢᠨ ᠺᠣᠮᠫᠠᠨᠢ ᠶᠢᠨ ᠪᠠᠢᠭᠠᠯᠢ ᠣᠷᠴᠢᠨ ᠤ ᠮᠡᠷᠭᠡᠵᠢᠯᠲᠡᠳ ᠲᠡᠢ ᠡᠨᠡ ᠰᠠᠷ᠎ᠠ ᠶᠢᠨ ᠨᠠᠢ᠍ᠮᠠᠨ ᠳᠦ ᠠᠭᠤᠯᠵᠠᠵᠤ᠂ ᠠᠢᠮᠠᠭ ᠤᠨ ᠨᠤᠲᠤᠭ ᠳᠡᠪᠢᠰᠬᠡᠷ ᠲᠦ 19 ᠴᠡᠭ ᠲᠦ ᠲᠣᠭᠠᠯᠠᠭᠳᠠᠭᠠᠳ ᠪᠠᠢᠭ᠎ᠠ ᠲᠣᠣᠷᠠᠢ ᠶᠢᠨ ᠲᠥᠭᠡᠯ ᠢ ᠰᠡᠷᠭᠦᠭᠡᠬᠦ᠂ ᠬᠠᠮᠠᠭᠠᠯᠠᠬᠤ᠂ ᠨᠥᠬᠥᠨ ᠲᠠᠷᠢᠬᠤ ᠵᠡᠷᠭᠡ ᠠᠰᠠᠭᠤᠳᠠᠯ ᠢᠶᠠᠷ ᠮᠡᠳᠡᠭᠡᠯᠡᠯ ᠠᠪᠴᠤ ᠬᠠᠷᠢᠯᠴᠠᠨ ᠰᠠᠨᠠᠯ ᠰᠣᠯᠢᠯᠴᠠᠯ᠎ᠠ᠃

ᠮᠥᠨ 2025 ᠣᠨ ᠳᠤ 《ᠨᠤᠲᠤᠭ ᠤᠨ ᠵᠠᠭ》 ᠬᠥᠲᠥᠯᠪᠦᠷᠢ ᠶᠢ ᠡᠷᠴᠢᠮᠵᠢᠭᠦᠯᠵᠦ ᠵᠠᠭ ᠢᠶᠠᠷ ᠣᠢᠵᠢᠭᠤᠯᠬᠤ ᠠᠵᠢᠯ ᠢ ᠲᠥᠯᠥᠪᠯᠡᠨ ᠵᠠᠷᠢᠮ ᠠᠭᠤᠷᠬᠠᠢ ᠳᠤ ᠵᠠᠭ᠂ ᠲᠣᠣᠷᠠᠢ ᠶᠢ ᠨᠥᠬᠥᠨ ᠲᠠᠷᠢᠶᠠᠯᠠᠬᠤ ᠭᠠᠵᠠᠷ ᠤᠨ ᠪᠠᠢᠷᠢᠰᠢᠯ ᠢ ᠵᠢᠭᠠᠵᠤ ᠥᠭᠭᠦᠭᠰᠡᠨ ᠪᠥᠭᠡᠳ ᠨᠢᠭᠡ ᠺᠣᠮᠫᠠᠨᠢ ᠳᠤ 10-20 ᠭᠠ ᠲᠠᠯᠠᠪᠠᠢ ᠶᠢ ᠣᠢᠵᠢᠭᠤᠯᠬᠤ᠂ ᠮᠣᠳᠣ ᠲᠠᠷᠢᠬᠤ ᠦᠢᠯᠡ ᠠᠵᠢᠯᠯᠠᠭᠠᠨ ᠳᠤ ᠰᠤᠮᠤ ᠣᠷᠣᠨ ᠨᠤᠲᠤᠭ ᠲᠠᠢ ᠬᠠᠮᠲᠤᠷᠠᠨ ᠠᠵᠢᠯᠯᠠᠬᠤ ᠲᠠᠯ᠎ᠠ ᠪᠠᠷ ᠴᠢᠭᠯᠡᠯ ᠥᠭᠴᠡᠢ᠃

ᠰᠡᠳᠬᠢᠭᠳᠡᠯ ᠦᠯᠡᠳᠡᠭᠡᠬᠦ