ᠪᠠᠭᠰᠢ ᠨᠠᠷ ᠳᠣᠬᠢᠶᠠᠨ ᠤ ᠬᠡᠯᠡᠨ ᠦ ᠠᠩᠬᠠᠨ ᠱᠠᠲᠤᠨ ᠤ ᠮᠡᠳᠡᠯᠭᠡ ᠲᠡᠢ ᠪᠣᠯᠤᠯ᠎ᠠ | News.MN

ᠪᠠᠭᠰᠢ ᠨᠠᠷ ᠳᠣᠬᠢᠶᠠᠨ ᠤ ᠬᠡᠯᠡᠨ ᠦ ᠠᠩᠬᠠᠨ ᠱᠠᠲᠤᠨ ᠤ ᠮᠡᠳᠡᠯᠭᠡ ᠲᠡᠢ ᠪᠣᠯᠤᠯ᠎ᠠ

ᠳᠣᠬᠢᠶᠠᠨ ᠤ ᠬᠡᠯᠡᠨ ᠦ ᠠᠩᠬᠠᠨ ᠱᠠᠲᠤᠨ ᠤ ᠮᠡᠳᠡᠯᠭᠡ ᠣᠯᠭᠣᠬᠤ᠂ ᠠᠦ᠋ᠲ᠋ᠢᠰᠮ ᠤᠨ ᠬᠦᠷᠢᠶᠡᠨ ᠦ ᠡᠮᠭᠡᠭ᠂ ᠳ᠋ᠠᠸᠤᠨ ᠤ ᠬᠠᠮ ᠰᠢᠨᠵᠢ ᠲᠡᠢ ᠬᠡᠦᠬᠡᠳ ᠢ ᠬᠥᠭᠵᠢᠭᠦᠯᠬᠦ ᠠᠷᠭ᠎ᠠ ᠵᠦᠢ ᠰᠤᠷᠭᠠᠯᠲᠠ ᠶᠢ ᠪᠠᠶᠠᠨᠬᠣᠩᠭᠣᠷ ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠳᠡᠮᠵᠢᠯᠭᠡ ᠶᠢᠨ ᠪᠠᠭ ᠤᠨ ᠭᠡᠰᠢᠭᠦᠳ ᠢ ᠬᠠᠮᠤᠷᠤᠭᠤᠯᠤᠨ ᠵᠣᠬᠢᠶᠠᠨ ᠪᠠᠢᠭᠤᠯᠤᠯ᠎ᠠ᠃

ᠬᠡᠦᠬᠡᠳ ᠢ ᠢᠪᠡᠭᠡᠬᠦ ᠰᠠᠩ ᠶᠠᠫᠣᠨ ᠤᠯᠤᠰ ᠤᠨ ᠰᠠᠩᠬᠦᠦᠵᠢᠯᠲᠡ ᠪᠡᠷ《ᠲᠡᠭᠰᠢ ᠬᠦᠷᠲᠡᠭᠡᠮᠵᠢ ᠲᠡᠢ᠂ ᠴᠣᠭᠴᠠ ᠦᠢᠯᠡᠴᠢᠯᠡᠭᠡ ᠪᠡᠷ ᠪᠠᠭ᠎ᠠ ᠨᠠᠰᠤᠨ ᠤ ᠬᠡᠦᠬᠡᠳ ᠦᠨ ᠬᠥᠭᠵᠢᠯ ᠢ ᠳᠡᠮᠵᠢᠬᠦ ᠨᠢ》ᠲᠥᠰᠥᠯ ᠢ 2024 ᠣᠨ ᠤ ᠭᠤᠷᠪᠠᠳᠤᠭᠠᠷ ᠰᠠᠷ᠎ᠠ  ᠠᠴᠠ ᠡᠬᠢᠯᠡᠨ ᠪᠠᠶᠠᠨᠬᠣᠩᠭᠣᠷ ᠠᠢᠮᠠᠭ ᠲᠤ ᠬᠡᠷᠡᠭᠵᠢᠭᠦᠯᠵᠦ ᠪᠤᠢ᠃ ᠲᠤᠰ ᠰᠤᠷᠭᠠᠯᠲᠠ ᠶᠢ ᠵᠣᠬᠢᠶᠠᠨ ᠪᠠᠢᠭᠤᠯᠤᠭᠰᠠᠨ ᠢᠶᠠᠷ ᠪᠠᠶᠠᠨᠬᠣᠩᠭᠣᠷ ᠰᠤᠮᠤ ᠶᠢᠨ ᠬᠥᠭᠵᠢᠯ ᠦᠨ ᠪᠡᠷᠬᠡᠰᠢᠶᠡᠯ ᠲᠡᠢ ᠬᠡᠦᠬᠡᠳ ᠦᠨ ᠪᠣᠯᠪᠠᠰᠤᠷᠠᠯ ᠳᠤ ᠬᠠᠮᠤᠷᠤᠭᠳᠠᠬᠤ ᠬᠤᠪᠢ ᠬᠡᠮᠵᠢᠶ᠎ᠡ ᠨᠡᠮᠡᠭᠳᠡᠬᠦ᠂ ᠣᠨᠴᠠᠯᠢᠭ ᠬᠡᠷᠡᠭᠴᠡᠭᠡ ᠲᠡᠢ ᠰᠤᠷᠤᠯᠴᠠᠭᠴᠢ ᠲᠠᠢ ᠠᠵᠢᠯᠯᠠᠬᠤ ᠠᠷᠭ᠎ᠠ ᠵᠦᠢ ᠶᠢ ᠡᠵᠡᠮᠰᠢᠭᠦᠯᠦᠭᠰᠡᠨ ᠢᠶᠡᠷ ᠡᠴᠢᠭᠡ ᠡᠬᠡ᠂ ᠰᠤᠷᠤᠭᠴᠢ ᠲᠠᠢ ᠬᠠᠮᠲᠤᠷᠠᠨ ᠠᠵᠢᠯᠯᠠᠵᠤ ᠬᠡᠦᠬᠡᠳ ᠦᠨ ᠬᠥᠭᠵᠢᠯ ᠳᠦ ᠠᠬᠢᠴᠠ ᠭᠠᠷᠬᠤ᠂ ᠳᠡᠮᠵᠢᠯᠭᠡ ᠶᠢᠨ ᠪᠠᠭ ᠤᠨ ᠭᠡᠰᠢᠭᠦᠳ ᠬᠠᠮᠲᠤᠷᠠᠨ ᠠᠵᠢᠯᠯᠠᠬᠤ ᠪᠣᠯᠤᠮᠵᠢ ᠪᠦᠷᠢᠳᠦᠨ ᠴᠢᠭ ᠡᠭᠦᠷᠭᠡ ᠶᠢ ᠬᠡᠷᠡᠭᠵᠢᠭᠦᠯᠦᠨ ᠠᠵᠢᠯᠯᠠᠬᠤ ᠳᠤ ᠳᠥᠬᠥᠮ ᠪᠣᠯᠬᠤ ᠣᠯᠠᠨ ᠳᠠᠪᠠᠭᠤ ᠲᠠᠯ᠎ᠠ ᠲᠠᠢ ᠪᠣᠯᠵᠤ ᠪᠠᠢᠨ᠎ᠠ᠃

ᠰᠡᠳᠬᠢᠭᠳᠡᠯ ᠦᠯᠡᠳᠡᠭᠡᠬᠦ