ᠮᠠᠷᠱᠠᠯ ᠤᠨ ᠨᠡᠷᠡᠮᠵᠢᠲᠦ ᠪᠠᠷᠢᠯᠳᠤᠭᠠᠨ ᠳᠤ ᠮ ∙ ᠯᠾᠬᠠᠪᠠᠭᠡᠷᠡᠯ ᠲᠦᠷᠦᠭᠦᠯᠡᠪᠡ | News.MN

ᠮᠠᠷᠱᠠᠯ ᠤᠨ ᠨᠡᠷᠡᠮᠵᠢᠲᠦ ᠪᠠᠷᠢᠯᠳᠤᠭᠠᠨ ᠳᠤ ᠮ ∙ ᠯᠾᠬᠠᠪᠠᠭᠡᠷᠡᠯ ᠲᠦᠷᠦᠭᠦᠯᠡᠪᠡ

ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭᠠᠨ ᠠᠴᠠ ᠵᠣᠬᠢᠶᠠᠨ ᠪᠠᠢᠭᠤᠯᠳᠠᠭ ᠳᠥᠷᠪᠡᠳᠦᠭᠡᠷ ᠰᠠᠷ᠎ᠠ ᠶᠢᠨ ᠴᠤᠪᠤᠷᠠᠯ ᠪᠠᠷᠢᠯᠳᠤᠭᠠᠨ ᠳᠣᠷᠣᠨᠠᠲᠤ ᠠᠢᠮᠠᠭ ᠤᠨ《ᠳᠣᠷᠣᠨ᠎ᠠ ᠶᠢᠨ ᠬᠦᠴᠦᠲᠡᠨ》ᠳᠡᠪᠵᠢᠶ᠎ᠡ᠂ ᠰᠦᠬᠡᠪᠠᠭᠠᠲᠤᠷ ᠠᠢᠮᠠᠭ ᠤᠨ ᠣᠩᠭᠣᠨ ᠰᠤᠮᠤ ᠶᠢᠨ ᠲᠡᠦᠬᠡᠲᠦ 100 ᠵᠢᠯ ᠦᠨ ᠣᠢ ᠳᠤ ᠵᠣᠷᠢᠭᠤᠯᠤᠭᠰᠠᠨ ᠮᠣᠩᠭᠣᠯ ᠤᠯᠤᠰ ᠤᠨ ᠥᠰᠬᠦ ᠢᠳᠡᠷ ᠬᠠᠷᠴᠠᠭᠠᠢ ᠳᠠᠬᠤ ᠶᠢᠨ ᠣᠳᠤᠰᠦ᠋ᠷᠦᠩ ᠦᠨ ᠨᠡᠷᠡᠮᠵᠢᠲᠦ ᠤᠯᠤᠰ ᠠᠢᠮᠠᠭ ᠤᠨ ᠴᠣᠯᠠ ᠲᠠᠢ ᠪᠥᠬᠡ ᠶᠢᠨ ᠪᠠᠷᠢᠯᠳᠤᠭᠠᠨ ᠢᠶᠠᠷ ᠡᠬᠢᠯᠡᠭᠰᠡᠨ᠃

ᠥᠩᠭᠡᠷᠡᠭᠴᠢ ᠠᠮᠠᠷᠠᠯᠲᠠ ᠶᠢᠨ ᠡᠳᠦᠷ ᠪᠤᠶᠤ ᠳᠥᠷᠪᠡᠳᠦᠭᠡᠷ ᠰᠠᠷ᠎ᠠ ᠶᠢᠨ 12 ᠳᠦ ᠮᠠᠷᠱᠠᠯ ᠬ ∙ ᠴᠣᠢᠪᠠᠯᠰᠠᠩ ᠤᠨ ᠨᠡᠷᠡᠮᠵᠢᠲᠦ ᠤᠯᠤᠰ ᠠᠢᠮᠠᠭ ᠤᠨ ᠴᠣᠯᠠ ᠲᠠᠢ 128 ᠪᠥᠬᠡ ᠶᠢᠨ ᠪᠠᠷᠢᠯᠳᠤᠭᠠᠨ ᠪᠣᠯᠤᠯ᠎ᠠ᠃ ᠪᠠᠷᠢᠯᠳᠤᠭᠠᠨ ᠳᠤ ᠵᠠᠪᠬᠠᠨ ᠠᠢᠮᠠᠭ ᠤᠨ ᠢᠷᠠᠭᠤ ᠰᠤᠮᠤ ᠶᠢᠨ ᠬᠠᠷᠢᠶᠠᠲᠤ᠂ ᠤᠯᠤᠰ ᠤᠨ ᠵᠠᠭᠠᠨ ᠮ ∙ ᠯᠾᠬᠠᠪᠠᠭᠡᠷᠡᠯ ᠲᠦᠷᠦᠭᠦᠯᠡᠵᠦ᠂ ᠵᠠᠪᠬᠠᠨ ᠠᠢᠮᠠᠭ ᠤᠨ ᠶᠡᠬᠡ-ᠠᠭᠤᠯᠠ ᠰᠤᠮᠤ ᠶᠢᠨ ᠬᠠᠷᠢᠶᠠᠲᠤ᠂ ᠤᠯᠤᠰ ᠤᠨ ᠨᠠᠴᠢᠨ ᠪ ∙ ᠴᠢᠮᠡᠳᠸᠠᠩᠳᠠᠨ ᠦᠵᠦᠭᠦᠷᠯᠡᠪᠡ᠃

ᠰᠡᠳᠬᠢᠭᠳᠡᠯ ᠦᠯᠡᠳᠡᠭᠡᠬᠦ