ᠮᠣᠩᠭᠣᠯ ᠭᠧᠨᠧᠷᠠᠯ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠬᠤᠷᠠᠯ ᠳᠤ ᠤᠷᠤᠯᠴᠠᠪᠠ | News.MN

ᠮᠣᠩᠭᠣᠯ ᠭᠧᠨᠧᠷᠠᠯ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠬᠤᠷᠠᠯ ᠳᠤ ᠤᠷᠤᠯᠴᠠᠪᠠ

ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭᠠᠨ ᠤ ᠴᠡᠷᠢᠭ ᠦᠨ ᠬᠦᠴᠦᠨ ᠦ ᠺᠤᠮᠠᠨᠳ᠋ᠯᠠᠭ᠌ᠴᠢ ᠨᠠᠷ ᠤᠨ ᠡᠭᠡᠯᠵᠢᠲᠦ ᠪᠠᠭ᠎ᠠ ᠬᠤᠷᠠᠯ ᠨᠢᠦ᠋ ᠶᠤᠷᠺ ᠬᠣᠲᠠ ᠳ᠋ᠡᠬᠢ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠲᠥᠪ ᠱᠲ᠋ᠠᠪ ᠲᠤ ᠪᠣᠯᠤᠯ᠎ᠠ᠃ ᠤᠭ ᠬᠤᠷᠠᠯ ᠳᠤ ᠮᠣᠩᠭᠣᠯ ᠤᠯᠤᠰ ᠤᠨ ᠲᠥᠯᠥᠭᠡᠯᠡᠯ ᠠᠩᠬ᠎ᠠ ᠤᠳᠠᠭ᠎ᠠ ᠣᠷᠣᠯᠴᠠᠭᠰᠠᠨ ᠪᠥᠭᠡᠳ ᠺᠢᠫᠷ ᠤᠯᠤᠰ ᠲᠤ ᠶᠠᠪᠤᠭᠳᠠᠵᠤ ᠪᠤᠢ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭ᠎ᠠ ᠶᠢ ᠤᠳᠤᠷᠢᠳᠴᠤ ᠪᠤᠢ ᠬᠣᠰᠢᠭᠤᠴᠢ ᠭᠧᠨᠧᠷᠠᠯ ᠪ ∙ ᠡᠷᠳᠡᠨᠢᠪᠠᠲᠤ ᠣᠷᠣᠯᠴᠠᠵᠠᠢ᠃

ᠪᠠᠭ᠎ᠠ ᠬᠤᠷᠠᠯ ᠢᠶᠠᠷ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠠᠴᠠ ᠥᠨᠥ ᠶᠢᠨ ᠳᠡᠯᠡᠬᠡᠢ ᠳ᠋ᠠᠬᠢᠨ ᠤ ᠠᠶᠤᠯᠭᠦᠢ ᠪᠠᠢᠳᠠᠯ ᠤᠨ ᠥᠭᠡᠷᠡᠴᠢᠯᠡᠯᠲᠡ᠂ ᠡᠳ᠋ ᠦᠨ ᠵᠠᠰᠠᠭ ᠤᠨ ᠨᠥᠬᠥᠴᠡᠯ ᠪᠠᠢᠳᠠᠯ᠂ ᠬᠦᠨᠳᠦᠷᠡᠯ᠂ ᠪᠤᠰᠤᠳ ᠨᠥᠬᠥᠴᠡᠯ ᠪᠠᠢᠳᠠᠯ ᠲᠠᠢ ᠬᠣᠯᠪᠣᠭᠠᠲᠠᠢ ᠪᠠᠷ ᠡᠩᠬᠡ ᠶᠢ ᠰᠠᠬᠢᠭᠤᠯᠬᠤ ᠠᠵᠢᠯᠯᠠᠭᠠᠨ ᠳᠤ ᠬᠢᠭᠳᠡᠬᠦ ᠥᠭᠡᠷᠡᠴᠢᠯᠡᠯᠲᠡ ᠨᠦᠭᠦᠳ ᠦᠨ ᠲᠠᠯ᠎ᠠ ᠪᠠᠷ ᠰᠠᠨᠠᠯ ᠰᠣᠯᠢᠯᠴᠠᠵᠤ᠂ ᠠᠵᠢᠯᠯᠠᠭ᠎ᠠ ᠨᠤᠭᠤᠳ ᠤᠨ ᠴᠠᠭ ᠤᠨ ᠪᠠᠢᠳᠠᠯ ᠤᠨ ᠲᠠᠯ᠎ᠠ ᠪᠠᠷ ᠮᠡᠳᠡᠭᠡᠯᠡᠯ ᠰᠣᠨᠣᠰᠤᠭᠰᠠᠨ ᠪᠠᠢᠨ᠎ᠠ᠃ ᠮᠥᠨ ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭᠠᠨ ᠤ ᠳᠠᠪᠠᠭᠤ ᠲᠠᠯ᠎ᠠ᠂ ᠰᠣᠷᠢᠯᠲᠠ᠂ ᠪᠣᠯᠤᠮᠵᠢ᠂ ᠠᠶᠤᠯ ᠵᠠᠨᠤᠯᠬᠢᠯᠡᠯ ᠢ ᠦᠨᠡᠯᠡᠬᠦ᠂ ᠵᠥᠪᠯᠡᠯᠳᠦᠬᠦ᠂ ᠴᠢᠨᠠᠭᠰᠢᠳᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠬᠡᠯᠡᠯᠴᠡᠵᠡᠢ᠃

ᠰᠡᠳᠬᠢᠭᠳᠡᠯ ᠦᠯᠡᠳᠡᠭᠡᠬᠦ