ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠳ ∙ᠠᠮᠤᠷᠪᠠᠶᠠᠰᠬᠤᠯᠠᠩ ᠳᠤ ᠮᠣᠩᠭᠣᠯ᠂ ᠬᠢᠲᠠᠳ ᠤᠨ ᠫᠠᠷᠯᠠᠮᠧᠨᠲ ᠬᠣᠭᠣᠷᠣᠨᠳᠣ ᠶᠢᠨ ᠪᠠᠢᠩᠭᠤ ᠶᠢᠨ ᠠᠭᠤᠯᠵᠠᠯᠲᠠ ᠶᠢᠨ ᠮᠧᠬᠠᠨᠢᠰᠮ ᠤᠨ ᠵᠢᠷᠭᠤᠳᠤᠭᠠᠷ ᠠᠭᠤᠯᠵᠠᠯᠲᠠ ᠳᠤ ᠣᠷᠣᠯᠴᠠᠬᠤ ᠪᠠᠷ ᠤᠯᠠᠭᠠᠨᠪᠠᠭᠠᠲᠤᠷ ᠬᠣᠲᠠᠨ᠎ᠠ ᠬᠦᠷᠦᠯᠴᠡᠨ ᠢᠷᠡᠭᠰᠡᠨ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠳᠠᠷᠤᠭ᠎ᠠ ᠲᠡᠷᠢᠭᠦᠲᠡᠢ ᠲᠥᠯᠥᠭᠡᠯᠡᠭᠴᠢᠳ ᠥᠨᠥᠳᠥᠷ ᠪᠠᠷᠠᠭᠠᠯᠬᠠᠪᠠ᠃
ᠳ∙ᠠᠮᠤᠷᠪᠠᠶᠠᠰᠬᠤᠯᠠᠩ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠳᠡᠳ᠋ ᠳᠠᠷᠤᠭ᠎ᠠ ᠯᠤᠪᠰᠠᠩᠵᠠᠨᠴᠠᠨ ᠲᠡᠷᠢᠭᠦᠲᠡᠢ ᠲᠥᠯᠥᠭᠡᠯᠡᠭᠴᠢᠳ ᠢ ᠮᠣᠩᠭᠣᠯ ᠤᠯᠤᠰ ᠲᠤ ᠲᠠᠪᠠᠲᠠᠢ ᠮᠣᠷᠢᠯᠠᠬᠤ ᠶᠢ ᠬᠦᠰᠡᠵᠦ᠂ ᠮᠥᠩᠬᠡ ᠶᠢᠨ ᠬᠥᠷᠰᠢ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠲᠠᠢ ᠢᠵᠢ ᠪᠦᠷᠢᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ ᠳᠦ ᠬᠣᠶᠠᠷ ᠤᠯᠤᠰ ᠤᠨ ᠬᠠᠤᠯᠢ ᠲᠣᠭᠲᠠᠭᠠᠬᠤ ᠪᠠᠢᠭᠤᠯᠤᠯᠭ᠎ᠠ ᠶᠢᠨ ᠬᠠᠮᠲᠤ ᠶᠢᠨ ᠠᠵᠢᠯᠯᠠᠭ᠎ᠠ ᠴᠢᠬᠤᠯᠠ ᠪᠣᠯᠬᠤ ᠶᠢ ᠲᠡᠮᠳᠡᠭᠯᠡᠵᠦ᠂ ᠮᠣᠩᠭᠣᠯ᠂ ᠬᠢᠲᠠᠳ ᠤᠨ ᠫᠠᠷᠯᠠᠮᠧᠨᠲ ᠬᠣᠭᠣᠷᠣᠨᠳᠣ ᠶᠢᠨ ᠪᠠᠢᠩᠭᠤ ᠶᠢᠨ ᠮᠧᠬᠠᠨᠢᠰᠮ ᠤᠨ ᠡᠭᠡᠯᠵᠢᠲᠦ ᠠᠭᠤᠯᠵᠠᠯᠲᠠ ᠳᠤ ᠠᠮᠵᠢᠯᠲᠠ ᠬᠦᠰᠡᠯ᠎ᠡ᠃
ᠯᠤᠪᠰᠠᠩᠵᠠᠨᠴᠠᠨ ᠬᠣᠶᠠᠷ ᠤᠯᠤᠰ ᠤᠨ ᠫᠠᠷᠯᠠᠮᠧᠨᠲ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠲᠦᠪᠰᠢᠨ ᠳᠦ ᠭᠠᠷᠭᠠᠬᠤ ᠶᠢᠨ ᠲᠥᠯᠥᠭᠡ ᠪᠠᠢᠭ᠎ᠠ ᠪᠠᠨ ᠲᠡᠮᠳᠡᠭᠯᠡᠵᠦ᠂ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ᠂ ᠪᠠᠢᠩᠭᠤ ᠶᠢᠨ ᠬᠤᠷᠢᠶᠠᠳ᠂ ᠮᠣᠩᠭᠣᠯ ᠂ ᠬᠢᠲᠠᠳ ᠤᠨ ᠫᠠᠷᠯᠠᠮᠧᠨᠲ ᠤᠨ ᠪᠦᠯᠦᠭ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠭᠦᠨᠵᠡᠭᠡᠢᠷᠡᠭᠦᠯᠬᠦ᠂ ᠬᠠᠷᠢᠯᠴᠠᠨ ᠲᠤᠷᠰᠢᠯᠭ᠎ᠠ ᠰᠤᠳᠤᠯᠬᠤ ᠳᠤ ᠪᠦᠬᠦ ᠲᠠᠯ᠎ᠠ ᠪᠠᠷ ᠳᠡᠮᠵᠢᠵᠦ ᠠᠵᠢᠯᠯᠠᠬᠤ ᠪᠠᠨ ᠢᠯᠡᠷᠬᠡᠢᠯᠡᠪᠡ᠃