ᠢᠨᠹᠯᠢᠶᠠᠼ 0.3 ᠬᠤᠪᠢ ᠪᠠᠷ ᠨᠡᠮᠡᠭᠳᠡᠵᠡᠢ | News.MN

ᠢᠨᠹᠯᠢᠶᠠᠼ 0.3 ᠬᠤᠪᠢ ᠪᠠᠷ ᠨᠡᠮᠡᠭᠳᠡᠵᠡᠢ

ᠮᠣᠩᠭᠣᠯ ᠪᠠᠩᠬᠢ ᠢᠨᠹᠯᠢᠶᠠᠼ ᠤᠨ ᠲᠦᠪᠰᠢᠨ ᠢ ᠵᠣᠷᠢᠯᠲᠠᠲᠤ ᠬᠡᠮᠵᠢᠶᠡᠨ ᠳᠦ ᠬᠦᠷᠭᠡᠬᠦ ᠶᠢ ᠵᠣᠷᠢᠵᠤ ᠪᠠᠢᠨ᠎ᠠ᠃ ᠢᠨᠹᠯᠢᠶᠠᠼ ᠥᠩᠭᠡᠷᠡᠭᠰᠡᠨ ᠰᠠᠷ᠎ᠠ ᠳᠤ 9.1 ᠬᠤᠪᠢ ᠲᠠᠢ ᠭᠠᠷᠤᠭᠰᠠᠨ ᠨᠢ ᠡᠮᠦᠨᠡᠬᠢ ᠰᠠᠷ᠎ᠠ ᠶᠢᠨ ᠬᠢ ᠠᠴᠠ 0.3 ᠬᠤᠪᠢ ᠪᠠᠷ ᠨᠡᠮᠡᠭᠳᠡᠭᠰᠡᠨ ᠦᠵᠡᠭᠦᠯᠦᠯᠲᠡ ᠶᠤᠮ᠃ ᠡᠨᠡ ᠵᠢᠯ ᠴᠠᠯᠢᠩ᠂ ᠲᠡᠳᠬᠦᠪᠦᠷᠢ᠂ ᠴᠠᠬᠢᠯᠭᠠᠨ ᠤ ᠲᠠᠷᠢᠹ ᠥᠰᠦᠭᠰᠡᠨ ᠰᠢᠯᠲᠠᠭᠠᠨ ᠢᠶᠠᠷ ᠢᠨᠹᠯᠢᠶᠠᠼ ᠵᠣᠷᠢᠯᠲᠠ ᠠᠴᠠ ᠳᠡᠭᠡᠭᠰᠢ ᠪᠠᠢᠬᠤ ᠡᠷᠡᠰᠳᠡᠯ ᠲᠡᠢ ᠪᠠᠢᠨ᠎ᠠ᠃

ᠮᠣᠩᠭᠣᠯ ᠪᠠᠩᠭᠢᠨ ᠤ ᠮᠥᠩᠭᠥᠨ ᠦ ᠪᠣᠳᠣᠯᠭ᠎ᠠ ᠶᠢᠨ ᠭᠠᠵᠠᠷ ᠤᠨ ᠵᠠᠬᠢᠷᠤᠯ ᠪ ∙ ᠪᠠᠶᠠᠷᠳᠠᠸᠠ ᠶᠠᠷᠢᠬᠤ ᠳᠤ ᠪᠠᠨ᠄ 《ᠢᠨᠹᠯᠢᠶᠠᠼ  ᠤᠨ ᠥᠰᠦᠯᠲᠡ ᠳᠦ ᠮᠢᠬ᠎ᠠ᠂ ᠨᠣᠭᠣᠭ᠎ᠠ᠂ ᠭᠤᠯᠢᠷ ᠵᠡᠷᠭᠡ ᠪᠦᠲᠦᠭᠡᠭᠳᠡᠬᠦᠨ ᠭᠣᠣᠯᠴᠢᠯᠠᠨ ᠨᠥᠯᠦᠭᠡᠯᠡᠵᠦ ᠪᠠᠢᠨ᠎ᠠ᠃ ᠡᠳᠡᠭᠡᠷ ᠪᠦᠲᠦᠭᠡᠭᠳᠡᠬᠦᠨ ᠢ ᠲᠣᠭᠲᠠᠪᠤᠷᠢᠲᠠᠢ ᠨᠡᠢᠯᠡᠭᠦᠯᠵᠦ᠂ ᠥᠷᠲᠡᠭ ᠦᠨ ᠭᠢᠨᠵᠢᠨ ᠬᠡᠯᠬᠢᠶ᠎ᠡ ᠶᠢ ᠪᠤᠢ ᠪᠣᠯᠭᠠᠬᠤ ᠳᠤ ᠵᠠᠰᠠᠭ ᠤᠨ ᠭᠠᠵᠠᠷ ᠤᠨ ᠣᠷᠣᠯᠴᠠᠭ᠎ᠠ ᠴᠢᠬᠤᠯᠠ》ᠬᠡᠮᠡᠪᠡ᠃

 

ᠰᠡᠳᠬᠢᠭᠳᠡᠯ ᠦᠯᠡᠳᠡᠭᠡᠬᠦ