ᠠᠽᠧᠷᠪᠠᠢᠵᠠᠨ᠂ ᠦᠽᠪᠧᠺᠢᠰᠲᠠᠨ᠂ ᠺᠢᠷᠭᠢᠽ᠂ ᠬᠠᠰᠠᠭᠰᠲ᠋ᠠᠨ᠂ ᠲᠦᠷᠺ ᠤᠯᠤᠰ ᠤᠨ ᠬᠠᠮᠲᠤᠷᠠᠨ ᠪᠠᠢᠭᠤᠯᠤᠭᠰᠠᠨ ᠲᠦᠷᠦᠭ ᠬᠡᠯᠡᠳᠦ ᠣᠷᠣᠨ ᠨᠤᠭᠤᠳ ᠤᠨ ᠪᠠᠢᠭᠤᠯᠤᠯᠭ᠎ᠠ ᠰᠤᠶᠤᠯ᠂ ᠡᠳ᠋ ᠦᠨ ᠵᠠᠰᠠᠭ᠂ ᠪᠣᠯᠪᠠᠰᠤᠷᠠᠯ᠂ ᠤᠯᠤᠰ ᠲᠥᠷᠥ᠂ ᠪᠠᠲᠤᠯᠠᠨ ᠬᠠᠮᠠᠭᠠᠯᠠᠬᠤ᠂ ᠵᠠᠮ ᠲᠡᠭᠡᠭᠡᠪᠦᠷᠢ᠂ ᠭᠠᠢᠯᠢ᠂ ᠠᠶᠠᠯᠠᠯ ᠵᠢᠭᠤᠯᠴᠢᠯᠠᠯ᠂ ᠰᠫᠣᠷᠲ ᠤᠨ ᠰᠠᠯᠪᠤᠷᠢ ᠳᠤ ᠲᠤᠬᠠᠢ ᠶᠢᠨ ᠤᠯᠤᠰ ᠤᠳ ᠤᠨ ᠬᠠᠮᠲᠤ ᠶᠢᠨ ᠠᠵᠢᠯᠯᠠᠭ᠎ᠠ ᠶᠢ ᠳᠡᠮᠵᠢᠳᠡᠭ ᠪᠢᠯᠡ᠃ ᠲᠡᠭᠡᠪᠡᠯ ᠡᠨᠡ ᠪᠠᠢᠭᠤᠯᠤᠯᠭ᠎ᠠ ᠲᠦᠷᠦᠭ ᠬᠡᠯᠡᠳᠦ ᠪᠢᠰᠢ ᠴᠤ ᠥᠭᠡᠷ᠎ᠡ ᠬᠡᠯᠡ ᠳᠦ ᠦᠨᠳᠦᠰᠦᠲᠡᠨ ᠨᠦᠭᠦᠳ ᠢᠶᠡᠷ ᠬᠦᠷᠢᠶ᠎ᠡ ᠪᠡᠨ ᠲᠡᠯᠡᠬᠦ ᠬᠡᠷᠡᠭᠲᠡᠢ ᠬᠡᠮᠡᠨ ᠰᠢᠢᠳᠦᠭ᠍ᠰᠡᠨ ᠪᠠᠢᠨ᠎ᠠ᠃
ᠤᠴᠢᠷ ᠨᠢ᠂ ᠳ᠋ᠤᠨᠠᠯᠳ᠋ ᠲᠷᠠᠮᠫ ᠤᠨ ᠪᠣᠳᠣᠯᠭ᠎ᠠ ᠬᠡᠷᠡᠭᠵᠢᠵᠦ ᠪᠤᠢ ᠡᠨᠡ ᠦᠶ᠎ᠡ ᠳᠦ ᠡᠢᠮᠦ ᠪᠠᠢᠭᠤᠯᠤᠯᠭ᠎ᠠ ᠶᠢᠨ ᠨᠢᠭᠡᠳᠦᠯ ᠴᠢᠬᠤᠯᠠ ᠭᠡᠵᠦ ᠦᠵᠡᠵᠦ ᠪᠠᠢᠭ᠎ᠠ ᠤᠴᠢᠷ ᠠᠴᠠ ᠠᠯᠲᠠᠢ ᠬᠡᠯᠡᠨ ᠦ ᠪᠦᠯᠦᠭ ᠲᠦ ᠬᠠᠮᠢᠶᠠᠷᠳᠠᠭ ᠮᠣᠩᠭᠣᠯ᠂ ᠡᠮᠦᠨᠡᠲᠦ ᠰᠣᠯᠣᠩᠭᠣᠰ᠂ ᠶᠠᠫᠣᠨ ᠢ ᠡᠩᠨᠡᠭᠡᠨ ᠳᠦ ᠪᠡᠨ ᠡᠯᠰᠡᠭᠦᠯᠬᠦ ᠪᠣᠳᠣᠯᠭ᠎ᠠ ᠬᠡᠷᠡᠭᠵᠢᠭᠦᠯᠵᠦ ᠪᠠᠢᠭ᠎ᠠ ᠶᠤᠮ᠃