ᠯ ∙ ᠤᠶᠤᠡᠡᠷᠳᠡᠨᠢ ᠰᠢᠨ᠎ᠡ ᠬᠠᠷᠠᠬᠣᠷᠣᠮ ᠬᠣᠲᠠ ᠶᠢᠨ ᠲᠥᠯᠥᠪᠯᠡᠯᠲᠡ ᠲᠡᠢ ᠲᠠᠨᠢᠯᠴᠠᠯ᠎ᠠ | News.MN

ᠯ ∙ ᠤᠶᠤᠡᠡᠷᠳᠡᠨᠢ ᠰᠢᠨ᠎ᠡ ᠬᠠᠷᠠᠬᠣᠷᠣᠮ ᠬᠣᠲᠠ ᠶᠢᠨ ᠲᠥᠯᠥᠪᠯᠡᠯᠲᠡ ᠲᠡᠢ ᠲᠠᠨᠢᠯᠴᠠᠯ᠎ᠠ

ᠶᠡᠷᠦᠩᠬᠡᠢ ᠰᠠᠢᠳ ᠯ ∙ ᠤᠶᠤᠡᠡᠷᠳᠡᠨᠢ ᠥᠨᠥᠳᠥᠷ ᠬᠠᠷᠠᠬᠣᠷᠣᠮ ᠬᠣᠲᠠ ᠶᠢᠨ ᠶᠡᠷᠦᠩᠬᠡᠢ ᠲᠥᠯᠥᠪᠯᠡᠯᠲᠡ᠂ ᠪᠦᠲᠦᠭᠡᠨ ᠪᠠᠢᠭᠤᠯᠤᠯᠲᠠ ᠶᠢᠨ ᠲᠥᠯᠥᠪᠯᠡᠯᠲᠡ ᠲᠡᠢ ᠭᠠᠵᠠᠷ ᠳᠡᠭᠡᠷ᠎ᠡ ᠨᠢ ᠲᠠᠨᠢᠯᠴᠠᠯ᠎ᠠ᠃ ᠰᠢᠨ᠎ᠡ ᠬᠠᠷᠠᠬᠣᠷᠣᠮ ᠬᠣᠲᠠ ᠶᠢ ᠣᠷᠬᠣᠨ ᠤ ᠬᠥᠨᠳᠡᠢ ᠶᠢᠨ 189 ᠮᠢᠩᠭᠠᠨ ᠭᠠ ᠲᠠᠯᠠᠪᠠᠢ ᠳᠤ 500 ᠮᠢᠩᠭᠠᠨ ᠬᠦᠮᠦᠨ ᠠᠮᠠ ᠲᠠᠢ ᠰᠠᠭᠤᠷᠢᠰᠢᠯ ᠤᠨ ᠪᠥᠰᠡ᠂ 4Е ᠠᠩᠭᠢᠯᠠᠯ ᠤᠨ ᠣᠯᠠᠨ ᠤᠯᠤᠰ ᠤᠨ ᠨᠢᠰᠬᠦ ᠣᠩᠭᠣᠴᠠᠨ ᠤ ᠪᠠᠭᠤᠳᠠᠯ᠂ ᠬᠥᠳᠡᠭᠡ ᠠᠵᠤ ᠠᠬᠤᠢ ᠶᠢᠨ ᠺᠯᠠᠰᠲ᠋ᠸᠷ᠂ 4800 ᠭᠠ ᠳᠦ ᠲᠡᠭᠡᠭᠡᠪᠦᠷᠢ ᠯᠣᠭᠢᠰᠲ᠋ᠢᠭ ᠤᠨ ᠨᠢᠭᠡᠳᠦᠭᠰᠡᠨ ᠲᠥᠪ᠂ 2450 ᠭᠠ ᠳᠦ ᠠᠶᠠᠯᠠᠯ ᠵᠢᠭᠤᠯᠴᠢᠯᠠᠯ ᠤᠨ ᠪᠥᠰᠡ ᠶᠢ ᠪᠠᠢᠭᠤᠯᠬᠤ ᠪᠠᠷ ᠲᠥᠯᠥᠪᠯᠡᠭᠰᠡᠨ ᠪᠠᠢᠨ᠎ᠠ᠃

ᠡᠷᠲᠡᠨ ᠦ ᠨᠡᠢᠰᠯᠡᠯ ᠬᠠᠷᠠᠬᠣᠷᠣᠮ ᠬᠣᠲᠠ ᠶᠢᠨ ᠪᠠᠭᠤᠷᠢ ᠶᠢᠨ ᠬᠠᠢᠭᠤᠯ᠂ ᠮᠠᠯᠲᠠᠯᠭ᠎ᠠ᠂ ᠰᠤᠳᠤᠯᠭᠠᠨ ᠤ ᠠᠵᠢᠯ ᠢ ᠡᠷᠴᠢᠮᠵᠢᠭᠦᠯᠬᠦ᠂ ᠤᠯᠠᠭᠠᠨᠪᠠᠭᠠᠲᠤᠷ- ᠯᠦᠩ ᠴᠢᠭᠯᠡᠯ ᠦᠨ 6 ᠡᠩᠨᠡᠭᠡ᠂ 101.7 ᠺᠢᠯᠣᠮᠧᠲ᠋ᠷ᠂  ᠯᠦᠩ-ᠬᠠᠷᠠᠬᠣᠷᠣᠮ ᠴᠢᠭᠯᠡᠯ ᠦᠨ 4 ᠡᠩᠨᠡᠭᠡ᠂ 189.6 ᠺᠢᠯᠣᠮᠧᠲ᠋ᠷ ᠠᠦ᠋ᠲ᠋ᠣ᠋ ᠵᠠᠮ᠂ ᠤᠯᠠᠭᠠᠨᠪᠠᠭᠠᠲᠤᠷ-ᠬᠠᠷᠠᠬᠣᠷᠣᠮ ᠴᠢᠭᠯᠡᠯ ᠦᠨ ᠨᠢᠭᠡᠳᠦᠭᠡᠷ ᠵᠡᠷᠭᠡᠯᠡᠯ ᠦᠨ ᠲᠡᠮᠦᠷ ᠵᠠᠮ ᠤᠨ ᠵᠢᠷᠤᠭ ᠲᠥᠰᠥᠯ᠂ ᠪᠦᠲᠦᠭᠡᠨ ᠪᠠᠢᠭᠤᠯᠤᠯᠲᠠ ᠶᠢᠨ ᠬᠥᠷᠥᠩᠭᠡ ᠣᠷᠣᠭᠤᠯᠤᠯᠲᠠ ᠶᠢ ᠰᠢᠢᠳᠪᠦᠷᠢᠯᠡᠬᠦ ᠵᠡᠷᠭᠡ ᠡᠬᠢᠨ ᠦ ᠡᠭᠡᠯᠵᠢ ᠳᠦ ᠲᠤᠯᠭᠠᠮᠳᠠᠵᠤ ᠪᠤᠢ ᠠᠰᠠᠭᠤᠳᠠᠯ ᠤᠳ ᠪᠠᠢᠭ᠎ᠠ ᠶᠤᠮ᠃

ᠰᠡᠳᠬᠢᠭᠳᠡᠯ ᠦᠯᠡᠳᠡᠭᠡᠬᠦ