ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ᠂ ᠬᠠᠭᠠᠯᠲᠠ ᠶᠢ ᠵᠣᠬᠢᠶᠠᠨ ᠪᠠᠢᠭᠤᠯᠬᠤ ᠠᠵᠢᠯ ᠤᠨ ᠬᠡᠰᠡᠭ ᠪᠣᠯᠤᠨ ᠬᠣᠷᠢᠶᠠᠨ ᠤ ᠭᠡᠰᠢᠭᠦᠳ ᠥᠨᠥᠳᠥᠷ ᠬᠤᠷᠠᠯᠳᠤᠯ᠎ᠠ᠃ ᠠᠵᠢᠯ ᠤᠨ ᠬᠡᠰᠡᠭ ᠦᠨ ᠭᠡᠰᠢᠭᠦᠳ ᠪᠣᠯᠬᠤ ᠰᠣᠶᠣᠯ ᠤᠨ ᠰᠠᠢᠳ ᠴ ∙ ᠨᠣᠮᠢᠨ᠂ ᠬᠥᠭᠵᠢᠮ ᠦᠨ ᠵᠣᠬᠢᠶᠠᠯᠴᠢ ᠪ ∙ ᠴᠢᠩᠪᠠᠲᠤ᠂ ᠨᠠᠭᠠᠳᠤᠮ ᠤᠨ ᠶᠡᠷᠦᠩᠬᠡᠢ ᠨᠠᠢᠷᠠᠭᠤᠯᠤᠭᠴᠢ ᠨ ∙ ᠨᠠᠷᠠᠨᠪᠠᠭᠠᠲᠤᠷ᠂ ᠰᠤᠶᠤᠯ ᠤᠷᠠᠯᠢᠭ ᠤᠨ ᠶᠡᠬᠡ ᠰᠤᠷᠭᠠᠭᠤᠯᠢ ᠶᠢᠨ ᠪᠠᠭᠰᠢ᠂ ᠤᠳᠬ᠎ᠠ ᠵᠣᠬᠢᠶᠠᠯ ᠰᠤᠳᠤᠯᠤᠭᠠᠴᠢ ᠶᠠ᠊ ∙ ᠪᠠᠶᠠᠷ᠎ᠠ᠂ ᠵᠦᠴᠦᠭᠡᠴᠢᠨ ᠭ ∙ ᠠᠮᠤᠭᠤᠯᠠᠩᠪᠠᠭᠠᠲᠤᠷ᠂ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠤᠨ ᠵᠠᠬᠢᠷᠤᠯ ᠭ ∙ ᠴᠣᠭ ᠭᠡᠷᠡᠯ ᠨᠠᠷ ᠨᠠᠭᠠᠳᠤᠮ ᠤᠨ ᠵᠣᠬᠢᠶᠠᠯ᠂ ᠲᠠᠢᠰᠠᠨ ᠤ ᠵᠣᠬᠢᠶᠠᠨ ᠪᠠᠢᠭᠤᠯᠤᠯᠲᠠ᠂ ᠶᠡᠷᠦᠩᠬᠡᠢ ᠵᠢᠷᠤᠭᠯᠠᠯ᠂ ᠪᠦᠲᠦᠭᠡᠨ ᠪᠠᠢᠭᠤᠯᠤᠯᠲᠠ ᠶᠢᠨ ᠲᠥᠯᠥᠪᠯᠡᠯᠲᠡ ᠶᠢ ᠬᠢᠵᠦ ᠡᠬᠢᠯᠡᠵᠡᠢ᠃ ᠮᠥᠨ ᠨᠠᠭᠠᠳᠤᠮ ᠤᠨ ᠨᠡᠭᠡᠭᠡᠯᠲᠡ ᠶᠢ ᠦᠵᠡᠭᠴᠢᠳ ᠲᠦ ᠬᠦᠷᠲᠡᠭᠡᠮᠵᠢᠲᠡᠢ ᠪᠠᠢᠳᠠᠯ ᠢᠶᠠᠷ ᠪᠤᠶᠤ 360 ᠭᠷᠡᠳᠦ᠋ᠰ ᠪᠠᠢᠬᠤ ᠪᠠᠷ ᠵᠢᠷᠤᠭᠯᠠᠵᠤ᠂ ᠵᠢᠭᠤᠯᠴᠢᠳ ᠲᠤ ᠵᠣᠷᠢᠭᠤᠯᠤᠭᠰᠠᠨ ᠣᠷᠣᠢ ᠶᠢᠨ ᠴᠡᠩᠭᠡᠭᠦᠨ ᠬᠥᠲᠥᠯᠪᠦᠷᠢ ᠶᠢ ᠨᠡᠮᠡᠵᠦ ᠵᠣᠬᠢᠶᠠᠨ ᠪᠠᠢᠭᠤᠯᠬᠤ ᠪᠠᠷ ᠶᠠᠷᠢᠯᠴᠠᠭᠰᠠᠨ ᠪᠠᠢᠨ᠎ᠠ᠃
ᠪᠠᠶᠠᠷ ᠨᠠᠭᠠᠳᠤᠮ ᠢ ᠵᠣᠬᠢᠶᠠᠨ ᠪᠠᠢᠭᠤᠯᠬᠤ ᠬᠣᠷᠢᠶ᠎ᠠ ᠶᠢ ᠰᠢᠳᠠᠷ ᠰᠠᠢᠳ ᠰ ∙ ᠠᠮᠤᠷᠰᠠᠢᠬᠠᠨ ᠳᠠᠷᠤᠭᠠᠯᠠᠵᠤ ᠪᠤᠢ ᠪᠥᠭᠡᠳ ᠥᠨᠥᠳᠥᠷ ᠦᠨ ᠬᠤᠷᠠᠯᠳᠤᠭᠠᠨ ᠢᠶᠠᠷ ᠨᠠᠭᠠᠳᠤᠮ ᠤᠨ ᠨᠡᠭᠡᠭᠡᠯᠲᠡ᠂ ᠬᠠᠭᠠᠯᠲᠠ ᠶᠢᠨ ᠪᠡᠯᠡᠳᠬᠡᠯ᠂ ᠶᠠᠪᠤᠴᠠ᠂ ᠲᠥᠰᠥᠪ᠂ ᠵᠣᠬᠢᠶᠠᠨ ᠪᠠᠢᠭᠤᠯᠬᠤ ᠬᠣᠷᠢᠶᠠᠨ ᠤ ᠰᠠᠯᠪᠤᠷᠢ ᠬᠣᠷᠢᠶᠠᠳ ᠤᠨ ᠪᠦᠷᠢᠯᠳᠦᠬᠦᠨ ᠪᠠᠲᠤᠯᠠᠬᠤ ᠠᠰᠠᠭᠤᠳᠠᠯ ᠢ ᠬᠡᠯᠡᠯᠴᠡᠵᠡᠢ᠃ ᠡᠨᠡ ᠵᠢᠯ ᠲᠤᠯᠭᠤᠷ ᠲᠥᠷᠥ ᠶᠢᠨ 2234᠂ ᠶᠡᠬᠡ ᠮᠣᠩᠭᠣᠯ ᠤᠯᠤᠰ ᠪᠠᠢᠭᠤᠯᠤᠭᠳᠠᠭᠰᠠᠨ ᠤ 819᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 114᠂ ᠠᠷᠠᠳ ᠤᠨ ᠬᠤᠪᠢᠰᠬᠠᠯ ᠤᠨ 104 ᠵᠢᠯ ᠦᠨ ᠣᠢ ᠲᠣᠬᠢᠶᠠᠵᠤ ᠪᠠᠢᠨ᠎ᠠ᠃