ᠨᠣᠮ ᠤᠨ ᠰᠠᠩᠴᠢᠳ ᠲᠤ ᠨᠢᠭᠡᠳᠦᠭᠰᠡᠨ ᠴᠠᠬᠢᠮ ᠰᠢᠰᠲ᠋ᠧᠮ ᠦᠨ ᠰᠤᠷᠭᠠᠯᠲᠠ ᠵᠣᠬᠢᠶᠠᠨ ᠪᠠᠢᠭᠤᠯᠵᠤ ᠪᠠᠢᠨ᠎ᠠ | News.MN

ᠨᠣᠮ ᠤᠨ ᠰᠠᠩᠴᠢᠳ ᠲᠤ ᠨᠢᠭᠡᠳᠦᠭᠰᠡᠨ ᠴᠠᠬᠢᠮ ᠰᠢᠰᠲ᠋ᠧᠮ ᠦᠨ ᠰᠤᠷᠭᠠᠯᠲᠠ ᠵᠣᠬᠢᠶᠠᠨ ᠪᠠᠢᠭᠤᠯᠵᠤ ᠪᠠᠢᠨ᠎ᠠ

《ᠨᠣᠮ ᠤᠨ ᠰᠠᠩ ᠤᠨ ᠲᠤᠬᠠᠢ》 ᠬᠠᠤᠯᠢ ᠳᠤ ᠮᠣᠩᠭᠣᠯ ᠤᠨ ᠦᠨᠳᠦᠰᠦᠨ ᠦ ᠨᠣᠮ ᠤᠨ ᠰᠠᠩ ᠨᠢ ᠠᠢᠮᠠᠭ ᠤᠳ ᠤᠨ ᠨᠣᠮ ᠤᠨ ᠰᠠᠩ ᠢ᠂ ᠬᠠᠷᠢᠨ ᠠᠢᠮᠠᠭ ᠤᠨ ᠲᠥᠪ ᠨᠣᠮ ᠤᠨ ᠰᠠᠩ  ᠤᠳ ᠲᠤᠬᠠᠢ ᠶᠢᠨ ᠬᠠᠷᠢᠶᠠᠯᠠᠬᠤ ᠭᠠᠵᠠᠷ ᠨᠤᠲᠤᠭ ᠳᠡᠭᠡᠷ᠎ᠡ ᠦᠢᠯᠡ ᠠᠵᠢᠯᠯᠠᠭ᠎ᠠ ᠶᠠᠪᠤᠭᠤᠯᠳᠠᠭ ᠰᠤᠷᠭᠠᠭᠤᠯᠢ᠂ ᠰᠤᠶᠤᠯ ᠤᠨ ᠲᠥᠪ ᠦᠨ ᠨᠣᠮ ᠤᠨ ᠰᠠᠩ ᠤᠳ ᠢ ᠮᠡᠷᠭᠡᠵᠢᠯ ᠠᠷᠭ᠎ᠠ ᠵᠦᠢ ᠶᠢᠨ ᠤᠳᠤᠷᠢᠳᠤᠮᠵᠢ ᠪᠠᠷ ᠬᠠᠩᠭᠠᠵᠤ ᠠᠵᠢᠯᠯᠠᠬᠤ ᠲᠤᠬᠠᠢ ᠬᠠᠤᠯᠢᠴᠢᠯᠠᠭᠰᠠᠨ ᠪᠠᠢᠳᠠᠭ᠃

ᠡᠭᠦᠨ ᠦ ᠳᠠᠭᠠᠤ ᠮᠣᠩᠭᠣᠯ ᠤᠯᠤᠰ ᠤᠨ ᠦᠨᠳᠦᠰᠦᠨ ᠦ ᠨᠣᠮ ᠤᠨ ᠰᠠᠩ ᠤᠨ ᠮᠡᠳᠡᠭᠡᠯᠡᠯ᠂ ᠠᠷᠭ᠎ᠠ ᠵᠦᠢ᠂ ᠡᠷᠳᠡᠮ ᠰᠢᠨᠵᠢᠯᠡᠭᠡᠨ ᠦ ᠬᠡᠯᠲᠡᠰ ᠦᠨ ᠳᠠᠷᠤᠭ᠎ᠠ᠂ ᠳ᠋ᠣᠺᠲ᠋ᠣᠷ ᠲ ∙ ᠬᠠᠢᠳᠠᠪ᠂ ᠦᠨᠳᠦᠰᠦᠨ ᠦ ᠨᠣᠮ ᠤᠨ ᠰᠠᠩ ᠤᠨ ᠴᠠᠬᠢᠮ ᠬᠥᠭᠵᠢᠭᠦᠯᠦᠯᠲᠡ᠂ ᠰᠦᠯᠵᠢᠶᠡᠨ ᠦ ᠢᠨᠵᠧᠨᠧᠷ ᠮ ∙ ᠠᠷᠢᠭᠤᠨᠪᠣᠯᠣᠳ ᠨᠠᠷ ᠠᠢᠮᠠᠭ ᠤᠨ ᠨᠡᠢᠲᠡ ᠶᠢᠨ ᠨᠣᠮ ᠤᠨ ᠰᠠᠩ ᠤᠨ ᠨᠣᠮ ᠤᠨ ᠰᠠᠩᠴᠢᠳ ᠲᠤ ᠴᠢᠭᠯᠡᠭᠰᠡᠨ ᠰᠤᠷᠭᠠᠯᠲᠠ ᠶᠢ ᠡᠬᠢᠯᠡᠭᠦᠯᠦᠯ᠎ᠡ᠃

ᠡᠨᠡ ᠤᠳᠠᠭ᠎ᠠ ᠶᠢᠨ ᠰᠤᠷᠭᠠᠯᠲᠠ ᠪᠠᠷ 《ᠨᠣᠮ ᠤᠨ ᠰᠠᠩ ᠤᠨ ᠦᠢᠯᠡᠴᠢᠯᠡᠭᠡᠨ ᠦ ᠬᠦᠷᠲᠡᠭᠡᠮᠵᠢ ᠶᠢᠨ ᠲᠤᠬᠠᠢ》᠂ 《ᠠᠯᠤᠰᠯᠠᠭᠳᠠᠭᠰᠠᠨ ᠪᠣᠯᠤᠨ ᠨᠣᠮ ᠤᠨ ᠰᠠᠩ ᠳᠤ ᠢᠷᠡᠵᠦ ᠠᠮᠵᠢᠬᠤ ᠦᠭᠡᠢ ᠪᠠᠢᠭ᠎ᠠ ᠢᠷᠭᠡᠳ ᠲᠦ ᠵᠣᠷᠢᠭᠤᠯᠤᠭᠰᠠᠨ ᠦᠢᠯᠡᠴᠢᠯᠡᠭᠡ》᠂ ᠨᠣᠮ ᠤᠨ ᠰᠠᠩ ᠠᠴᠠ ᠵᠣᠬᠢᠶᠠᠨ ᠪᠠᠢᠭᠤᠯᠳᠠᠭ ᠰᠤᠶᠤᠯ ᠣᠯᠠᠨ ᠨᠡᠢᠲᠡ ᠶᠢᠨ ᠠᠵᠢᠯ ᠪᠤᠶᠤ 《ᠢᠷᠭᠡᠳ᠂ ᠤᠩᠰᠢᠭᠴᠢᠳ ᠤᠨ ᠣᠷᠣᠯᠴᠠᠭ᠎ᠠ ᠶᠢ ᠳᠡᠮᠵᠢᠬᠦ ᠬᠥᠲᠥᠯᠪᠦᠷᠢ ᠨᠦᠭᠦᠳ》 ᠭᠡᠰᠡᠨ ᠰᠡᠳᠦᠪ ᠦᠳ ᠢᠶᠡᠷ ᠠᠬᠢᠭᠰᠠᠨ ᠲᠦᠪᠰᠢᠨ ᠦ ᠰᠤᠷᠭᠠᠯᠲᠠ᠂ ᠬᠢᠴᠢᠶᠡᠯ ᠦᠳ ᠣᠷᠣᠵᠤ ᠪᠠᠢᠨ᠎ᠠ᠃ ᠰᠤᠷᠭᠠᠯᠲᠠ ᠬᠣᠶᠠᠷ ᠡᠳᠦᠷ ᠦᠷᠭᠦᠯᠵᠢᠯᠡᠬᠦ ᠪᠥᠭᠡᠳ ᠣᠷᠬᠣᠨ ᠠᠢᠮᠠᠭ ᠤᠨ ᠰᠤᠷᠭᠠᠭᠤᠯᠢ᠂ ᠰᠤᠶᠤᠯ ᠤᠨ ᠲᠥᠪ ᠦᠨ ᠨᠣᠮ ᠤᠨ ᠰᠠᠩᠴᠢᠳ ᠲᠤ ᠵᠣᠷᠢᠭᠤᠯᠤᠨ 《ᠴᠠᠬᠢᠮ ᠨᠣᠮ ᠤᠨ ᠰᠠᠩ ᠤᠨ ᠨᠢᠭᠡᠳᠦᠭᠰᠡᠨ ᠰᠢᠰᠲ᠋ᠧᠮ ᠦᠨ ᠨᠡᠪᠲᠡᠷᠡᠭᠦᠯᠦᠯᠲᠡ》᠂ 《ᠨᠣᠮ ᠤᠨ ᠰᠠᠩ ᠤᠨ ᠪᠦᠷᠢᠳᠬᠡᠯ ᠦᠳ ᠢ ᠴᠠᠬᠢᠮᠵᠢᠭᠤᠯᠬᠤ ᠬᠡᠷᠡᠭᠴᠡᠭᠡ ᠱᠠᠭᠠᠷᠳᠠᠯᠭ᠎ᠠ》᠂ ᠨᠣᠮ ᠤᠨ ᠰᠠᠩ ᠤᠨ 《ᠨᠢᠭᠡ ᠪᠦᠷᠢᠴᠢᠯᠡᠭ᠍ᠰᠡᠨ ᠪᠣᠯᠤᠨ ᠡᠳᠦᠷ ᠲᠤᠲᠤᠮ ᠤᠨ ᠪᠦᠷᠢᠳᠬᠡᠯ ᠦᠨ ᠴᠠᠬᠢᠮᠵᠢᠭᠤᠯᠤᠯᠲᠠ》 ᠪᠣᠯᠤᠨ ᠮᠣᠩᠭᠣᠯ ᠤᠯᠤᠰ ᠤᠨ ᠨᠣᠮ ᠤᠨ  ᠰᠠᠩ ᠤᠳ ᠲᠤ ᠰᠢᠨ᠎ᠡ ᠪᠡᠷ ᠨᠡᠪᠲᠡᠷᠡᠵᠦ ᠪᠤᠢ 《Koha》 ᠨᠢᠭᠡᠳᠦᠭᠰᠡᠨ ᠴᠠᠬᠢᠮ ᠰᠢᠰᠲ᠋ᠧᠮ ᠦᠨ ᠲᠠᠯ᠎ᠠ ᠪᠠᠷ ᠰᠤᠷᠭᠠᠯᠲᠠ ᠵᠣᠬᠢᠶᠠᠨ ᠪᠠᠢᠭᠤᠯᠵᠤ ᠪᠠᠢᠨ᠎ᠠ᠃

ᠰᠡᠳᠬᠢᠭᠳᠡᠯ ᠦᠯᠡᠳᠡᠭᠡᠬᠦ