ᠵᠠᠰᠠᠭ ᠤᠨ ᠭᠠᠵᠠᠷ ᠤᠨ ᠳᠣᠲᠣᠭᠠᠳᠤ ᠦᠨᠡᠲᠦ ᠴᠠᠭᠠᠰᠤᠨ ᠤ ᠠᠩᠬᠠᠳᠠᠭᠴᠢ ᠵᠠᠬ᠎ᠠ ᠵᠡᠭᠡᠯᠢ ᠶᠢᠨ ᠠᠷᠠᠯᠵᠢᠶ᠎ᠠ ᠥᠴᠥᠭᠡᠳᠦᠷ ᠶᠠᠪᠤᠭᠳᠠᠭᠰᠠᠨ᠃ ᠡᠨᠡ ᠤᠳᠠᠭ᠎ᠠ ᠶᠢᠨ ᠠᠷᠠᠯᠵᠢᠶ᠎ᠠ ᠪᠠᠷ《 ᠥᠷᠢ ᠶᠢᠨ ᠤᠳᠤᠷᠢᠳᠤᠯᠭ᠎ᠠ ᠶᠢᠨ ᠲᠤᠬᠠᠢ》 ᠬᠠᠤᠯᠢ ᠶᠢᠨ 12.1.3 ᠳᠦ ᠵᠢᠭᠠᠭᠰᠠᠨ᠄ 《ᠵᠠᠰᠠᠭ ᠤᠨ ᠭᠠᠵᠠᠷ ᠤᠨ ᠳᠣᠲᠣᠭᠠᠳᠤ ᠦᠨᠡᠲᠦ ᠴᠠᠭᠠᠰᠤᠨ ᠤ ᠵᠠᠬ᠎ᠠ ᠵᠡᠭᠡᠯᠢ ᠶᠢ ᠳᠡᠮᠵᠢᠬᠦ》 ᠵᠣᠷᠢᠭᠤᠯᠤᠯᠲᠠ ᠶᠢᠨ ᠳᠠᠭᠠᠤ 6 ᠰᠠᠷ᠎ᠠ ᠶᠢᠨ ᠬᠤᠭᠤᠴᠠᠭ᠎ᠠ ᠲᠠᠢ᠂ 5 ᠲᠡᠷᠪᠤᠮ ᠲᠥᠭᠥᠷᠢᠭ ᠦᠨ ᠦᠨᠡᠲᠦ ᠴᠠᠭᠠᠰᠤ᠂ 2 ᠵᠢᠯ ᠦᠨ ᠬᠤᠭᠤᠴᠠᠭ᠎ᠠ ᠲᠠᠢ᠂ 5 ᠲᠡᠷᠪᠤᠮ ᠲᠥᠭᠥᠷᠢᠭ ᠦᠨ ᠦᠨᠡᠲᠦ ᠴᠠᠭᠠᠰᠤ ᠶᠢ ᠲᠤᠰ ᠲᠤᠰ ᠮᠣᠩᠭᠣᠯ ᠤᠨ ᠬᠥᠷᠥᠩᠭᠡ ᠶᠢᠨ ᠪᠢᠷᠵᠢ ᠶᠢᠨ ᠵᠠᠰᠠᠭ ᠤᠨ ᠭᠠᠵᠠᠷ ᠤᠨ ᠦᠨᠡᠲᠦ ᠴᠠᠭᠠᠰᠤᠨ ᠤ ᠠᠩᠬᠠᠳᠠᠭᠴᠢ ᠠᠷᠠᠯᠵᠢᠶᠠᠨ ᠤ ᠰᠢᠰᠲ᠋ᠧᠮ ᠢᠶᠡᠷ ᠳᠠᠮᠵᠢᠭᠤᠯᠤᠨ ᠠᠷᠠᠯᠵᠢᠶᠠᠯᠠᠭᠰᠠᠨ ᠶᠤᠮ᠃
ᠵᠠᠷᠯᠠᠭᠰᠠᠨ ᠨᠡᠢᠲᠡ ᠳ᠋ᠦᠩ ᠡᠴᠡ 4.4 ᠳᠠᠬᠢᠨ ᠶᠡᠬᠡ ᠪᠤᠶᠤ 43.7 ᠲᠡᠷᠪᠤᠮ ᠲᠥᠭᠥᠷᠢᠭ ᠦᠨ ᠰᠠᠨᠠᠯ ᠢᠷᠡᠵᠦ᠂ 6 ᠰᠠᠷ᠎ᠠ ᠶᠢᠨ ᠬᠤᠭᠤᠴᠠᠭ᠎ᠠ ᠲᠠᠢ ᠦᠨᠡᠲᠦ ᠴᠠᠭᠠᠰᠤᠨ ᠤ ᠵᠢᠩᠨᠡᠭᠰᠡᠨ ᠳᠤᠮᠳᠠᠴᠢ ᠬᠦᠦ 9.466 ᠬᠤᠪᠢ᠂ 2 ᠵᠢᠯ ᠦᠨ ᠬᠤᠭᠤᠴᠠᠭ᠎ᠠ ᠲᠠᠢ ᠪᠤᠨᠳ᠋ ᠤᠨ ᠵᠢᠩᠨᠡᠭᠰᠡᠨ ᠳᠤᠮᠳᠠᠴᠢ ᠬᠦᠦ 10.477 ᠬᠤᠪᠢ ᠲᠠᠢ ᠠᠷᠠᠯᠵᠢᠶᠠᠯᠠᠭᠳᠠᠭᠰᠠᠨ ᠪᠠᠢᠨ᠎ᠠ᠃ ᠨᠡᠢᠲᠡ ᠳᠦ ᠪᠡᠨ 60 ᠲᠡᠷᠪᠤᠮ ᠲᠥᠭᠥᠷᠢᠭ ᠦᠨ ᠦᠨᠡᠲᠦ ᠴᠠᠭᠠᠰᠤ ᠶᠢ ᠠᠷᠠᠯᠵᠢᠶᠠᠯᠠᠬᠤ ᠪᠠᠷ ᠲᠥᠯᠥᠪᠯᠡᠵᠦ ᠪᠤᠢ ᠠᠵᠠᠢ᠃