ᠮᠣᠩᠭᠣᠯ ᠤᠨ ᠭᠡᠷᠡᠯ ᠵᠢᠷᠤᠭᠴᠢᠳ ᠤᠨ ᠰᠢᠯᠢᠮᠡᠯ ᠪᠦᠲᠦᠭᠡᠯ ᠡᠴᠡ ᠪᠦᠷᠢᠳᠦᠭᠰᠡᠨ《ᠮᠣᠩᠭᠣᠯ ᠤᠨ ᠭᠡᠷᠡᠯ ᠵᠢᠷᠤᠭ ᠤᠨ ᠳᠣᠯᠣᠭ᠎ᠠ ᠬᠣᠨᠣᠭ》ᠴᠣᠭᠴᠠ ᠦᠵᠡᠰᠬᠦᠯᠡᠩ ᠢ《ᠮᠣᠩᠭᠣᠯ ᠤᠨ ᠲᠡᠦᠬᠡ ᠭᠡᠷᠡᠯ ᠵᠢᠷᠤᠭ ᠲᠤ》ᠤᠷᠢᠶᠠᠨ ᠳᠣᠣᠷ᠎ᠠ ᠣᠷᠣᠨ ᠳᠠᠶᠠᠭᠠᠷ ᠥᠨᠥᠳᠥᠷ ᠨᠡᠭᠡᠭᠡᠯ᠎ᠡ᠃
ᠡᠯ᠎ᠡ ᠦᠵᠡᠰᠬᠦᠯᠡᠩ ᠳᠦ 100 ᠭᠠᠷᠤᠢ ᠵᠢᠯ ᠦᠨ ᠲᠡᠷᠲᠡᠭᠡ ᠭᠠᠳᠠᠭᠠᠳᠤ ᠶᠢᠨ ᠠᠶᠠᠯᠠᠭᠴᠢ᠂ ᠬᠤᠳᠠᠯᠳᠤᠭᠠᠴᠢᠨ᠂ ᠰᠤᠳᠤᠯᠤᠭᠠᠴᠢᠳ ᠤᠨ ᠠᠪᠤᠭᠰᠠᠨ ᠲᠡᠦᠬᠡᠨ ᠵᠢᠷᠤᠭ ᠢ ᠳᠡᠯᠭᠡᠵᠡᠢ᠃ ᠲᠤᠬᠠᠢᠯᠠᠪᠠᠯ᠂ 1845 ᠣᠨ ᠤ ᠮᠣᠩᠭᠣᠯᠴᠤᠳ ᠤᠨ ᠳᠦᠷᠰᠦ ᠶᠢ ᠭᠡᠷᠡᠯ ᠵᠢᠷᠤᠭ ᠲᠤ ᠠᠩᠬ᠎ᠠ ᠤᠳᠠᠭ᠎ᠠ ᠪᠠᠭᠤᠯᠭᠠᠭᠰᠠᠨ ᠹᠷᠠᠨᠼᠢ ᠶᠢᠨ ᠬᠤᠳᠠᠯᠳᠤᠭᠠᠴᠢᠨ ᠵᠠᠨ ᠫᠢᠶᠧᠷ ᠠᠯᠢᠪᠧᠷ ᠤᠨ ᠲᠡᠦᠬᠡᠨ ᠵᠢᠷᠤᠭ ᠢ ᠲᠠᠯᠪᠢᠭᠰᠠᠨ ᠪᠠᠢᠨ᠎ᠠ᠃ ᠡᠨᠡ ᠵᠢᠷᠤᠭ ᠢ ᠭᠡᠷᠡᠯ ᠵᠢᠷᠤᠭᠴᠢᠨ ᠰ ∙ ᠰᠠᠴᠤᠷᠠᠯᠲᠤ ᠠᠮᠧᠷᠢᠺᠠ ᠳᠦ ᠶᠠᠪᠤᠵᠤ ᠪᠠᠢᠬᠤ ᠳᠤ ᠪᠠᠨ ᠲᠡᠦᠬᠡᠨ ᠨᠣᠮ ᠠᠴᠠ ᠠᠩᠬ᠎ᠠ ᠣᠯᠵᠠᠢ᠃
《ᠮᠣᠩᠭᠣᠯ ᠤᠨ ᠭᠡᠷᠡᠯ ᠵᠢᠷᠤᠭ ᠤᠨ ᠳᠣᠯᠣᠭ᠎ᠠ ᠬᠣᠨᠣᠭ》 ᠤᠨ ᠬᠦᠷᠢᠶᠡᠨ ᠳᠦ ᠬᠡᠪᠯᠡᠯ ᠦᠨ᠂ ᠪᠠᠷᠢᠮᠲᠠᠲᠤ᠂ ᠲᠥᠰᠥᠯ ᠬᠥᠲᠥᠯᠪᠦᠷᠢ ᠬᠡᠷᠡᠭᠵᠢᠭᠦᠯᠵᠦ ᠪᠤᠢ ᠭᠡᠷᠡᠯ ᠵᠢᠷᠤᠭᠴᠢᠳ ᠡᠳᠦᠷᠯᠢᠭ ᠵᠣᠬᠢᠶᠠᠨ ᠪᠠᠢᠭᠤᠯᠬᠤ ᠪᠥᠭᠡᠳ ᠡᠨᠡ ᠦᠶ᠎ᠡ ᠪᠡᠷ《ᠬᠢᠮᠡᠯ ᠣᠶᠤᠨ ᠤ ᠭᠡᠷᠡᠯ ᠵᠢᠷᠤᠭ ᠲᠤ ᠦᠵᠡᠭᠦᠯᠬᠦ ᠨᠥᠯᠥᠭᠡ᠂ ᠡᠶᠡᠷᠭᠦ᠂ ᠰᠤᠯᠠ ᠲᠠᠯ᠎ᠠ》᠂《ᠮᠣᠩᠭᠣᠯ ᠤᠨ ᠭᠡᠷᠡᠯ ᠵᠢᠷᠤᠭ ᠰᠡᠳᠬᠦᠯ ᠵᠦᠢ ᠶᠢᠨ ᠬᠥᠭᠵᠢᠯ ᠦᠨ ᠰᠤᠳᠤᠯᠭ᠎ᠠ》 ᠵᠡᠷᠭᠡ ᠢᠯᠡᠳᠬᠡᠯ ᠢ ᠬᠡᠯᠡᠯᠴᠡᠭᠦᠯᠬᠦ ᠶᠤᠮ᠃