ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ D∙ ᠠᠮᠤᠷᠪᠠᠶᠠᠰᠬᠤᠯᠠᠩ ᠤᠨ ᠤᠷᠢᠯᠭ᠎ᠠ ᠪᠠᠷ ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠦ ᠸᠣᠨ ᠰᠢᠭ ᠮᠠᠨ ᠤ ᠤᠯᠤᠰ ᠲᠤ ᠡᠨᠡ ᠰᠠᠷ᠎ᠠ ᠶᠢᠨ 26-30 ᠳᠦ ᠠᠯᠪᠠᠨ ᠶᠣᠰᠣᠨ ᠤ ᠠᠢᠯᠴᠢᠯᠠᠯ ᠬᠢᠨ᠎ᠡ᠃ ᠡᠨᠡ ᠵᠢᠯ ᠪᠣᠯ ᠮᠣᠩᠭᠣᠯ ᠤᠯᠤᠰ᠂ ᠪᠦᠭᠦᠳᠡ ᠨᠠᠢᠷᠠᠮᠳᠠᠬᠤ ᠰᠣᠯᠣᠩᠭᠣᠰ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠶᠤᠮ᠃
ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠶᠢᠨ ᠲᠦᠪᠰᠢᠨ ᠳᠦ 12 ᠵᠢᠯ ᠦᠨ ᠳᠠᠷᠠᠭ᠎ᠠ ᠬᠡᠷᠡᠭᠵᠢᠵᠦ ᠪᠤᠢ ᠲᠤᠰ ᠠᠢᠯᠴᠢᠯᠠᠯ ᠨᠢ ᠬᠣᠶᠠᠷ ᠤᠯᠤᠰ ᠤᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠭᠦᠨᠵᠡᠭᠡᠢᠷᠡᠭᠦᠯᠦᠨ ᠪᠡᠬᠢᠵᠢᠭᠦᠯᠬᠦ ᠳᠦ ᠴᠢᠬᠤᠯᠠ ᠠᠴᠢ ᠬᠣᠯᠪᠣᠭᠳᠠᠯ ᠲᠠᠢ ᠪᠥᠭᠡᠳ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠬᠠᠷᠢᠯᠴᠠᠨ ᠣᠢᠯᠠᠭᠠᠯᠴᠠᠯ ᠢ ᠭᠦᠨᠵᠡᠭᠡᠢᠷᠡᠭᠦᠯᠬᠦ᠂ ᠳᠡᠭᠡᠳᠦ᠂ ᠥᠨᠳᠥᠷ ᠲᠦᠪᠰᠢᠨ ᠦ ᠠᠢᠯᠴᠢᠯᠠᠯ᠂ ᠶᠠᠷᠢᠶ᠎ᠠ ᠬᠡᠯᠡᠯᠴᠡᠭᠡᠨ ᠦ ᠳᠠᠪᠲᠠᠮᠵᠢ ᠶᠢ ᠬᠠᠳᠠᠭᠠᠯᠠᠬᠤ᠂ ᠫᠠᠷᠯᠠᠮᠧᠨᠲ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠭᠦᠨᠵᠡᠭᠡᠢᠷᠡᠭᠦᠯᠬᠦ ᠳᠦ ᠴᠢᠭᠯᠡᠵᠦ ᠪᠠᠢᠨ᠎ᠠ ᠃