ᠮᠣᠩᠭᠣᠯ ᠤᠨ ᠰᠤᠶᠤᠯ ᠤᠨ ᠥᠪ ᠦᠨ ᠳᠣᠯᠣᠳᠤᠭᠠᠷ ᠶᠡᠬᠡ ᠬᠤᠷᠠᠯ ᠰᠠᠨᠲ ᠫᠧᠲ᠋ᠧᠷᠪᠦ᠋ᠷᠡᠭ ᠲᠦ ᠪᠣᠯᠪᠠ | News.MN

ᠮᠣᠩᠭᠣᠯ ᠤᠨ ᠰᠤᠶᠤᠯ ᠤᠨ ᠥᠪ ᠦᠨ ᠳᠣᠯᠣᠳᠤᠭᠠᠷ ᠶᠡᠬᠡ ᠬᠤᠷᠠᠯ ᠰᠠᠨᠲ ᠫᠧᠲ᠋ᠧᠷᠪᠦ᠋ᠷᠡᠭ ᠲᠦ ᠪᠣᠯᠪᠠ

ᠮᠣᠩᠭᠣᠯ ᠤᠯᠤᠰ ᠤᠨ ᠶᠡᠷᠦᠩᠬᠡᠢᠯᠡᠭᠴᠢ ᠶᠢᠨ ᠢᠪᠡᠭᠡᠯ ᠳᠣᠣᠷ᠎ᠠ 《ᠮᠣᠩᠭᠣᠯᠴᠤᠳ ᠤᠨ ᠰᠤᠶᠤᠯ ᠤᠨ ᠥᠪ᠄ ᠭᠠᠷ ᠪᠢᠴᠢᠮᠡᠯ᠂ ᠠᠷᠬᠢᠸ ᠤᠨ ᠪᠠᠷᠢᠮᠲᠠ ᠶᠢᠨ ᠴᠤᠭᠯᠠᠭᠤᠯᠭ᠎ᠠ-VII》ᠣᠯᠠᠨ ᠤᠯᠤᠰ ᠤᠨ ᠬᠤᠷᠠᠯ ᠰᠠᠨᠲ ᠫᠧᠲ᠋ᠧᠷᠪᠦ᠋ᠷᠡᠭ ᠲᠤ ᠡᠨᠡ ᠰᠠᠷ᠎ᠠ ᠶᠢᠨ 19-22 ᠳᠦ ᠪᠣᠯᠤᠯ᠎ᠠ᠃ ᠡᠨᠡ ᠬᠦ ᠣᠯᠠᠨ ᠤᠯᠤᠰ ᠤᠨ ᠬᠤᠷᠠᠯ ᠢ ᠳᠡᠯᠡᠬᠡᠢ ᠶᠢᠨ ᠮᠣᠩᠭᠣᠯ ᠰᠤᠳᠤᠯᠤᠯ ᠤᠨ ᠶᠢᠷᠲᠢᠨᠴᠦ ᠳᠦ 2013 ᠣᠨ ᠠᠴᠠ ᠡᠬᠢᠯᠡᠨ ᠬᠣᠶᠠᠷ ᠵᠢᠯ ᠲᠤᠲᠤᠮ ᠲᠠᠰᠤᠷᠠᠯᠲᠠ ᠦᠭᠡᠢ ᠵᠣᠬᠢᠶᠠᠨ ᠪᠠᠢᠭᠤᠯᠵᠤ ᠪᠤᠢ ᠪᠥᠭᠡᠳ ᠬᠤᠷᠠᠯ ᠳᠤ ᠣᠷᠣᠯᠴᠠᠭᠴᠢᠳ ᠤᠨ ᠢᠯᠡᠳᠬᠡᠯ᠂ ᠣᠯᠠᠨ ᠰᠣᠨᠢᠷᠬᠠᠯ ᠲᠠᠢ ᠴᠢᠬᠤᠯᠠ ᠪᠠᠷᠢᠮᠲᠠ ᠶᠢ ᠬᠡᠪᠯᠡᠨ ᠨᠡᠢᠲᠡᠯᠡᠭᠦᠯᠵᠡᠢ᠃

ᠬᠤᠷᠠᠯ ᠳᠤ ᠣᠷᠣᠰ ᠬᠣᠯᠪᠣᠭᠠᠨ ᠤ ᠤᠯᠤᠰ ᠤᠨ ᠮᠣᠩᠭᠣᠯ ᠰᠤᠳᠤᠯᠤᠯ ᠤᠨ ᠲᠣᠮᠣᠬᠠᠨ ᠲᠥᠪ ᠦᠳ ᠮᠣᠰᠺᠸᠠ᠂ ᠤᠯᠠᠭᠠᠨ-ᠦᠳᠡ᠂ ᠺᠠᠽᠠᠨ᠂  ᠢᠷᠺᠦᠰᠺ᠂ ᠡᠯᠡᠰᠦᠲᠡᠢ ᠪᠣᠯᠤᠨ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ᠂ ᠮᠣᠩᠭᠣᠯ ᠤᠨ ᠦᠨᠳᠦᠰᠦᠨ ᠦ ᠨᠣᠮ ᠤᠨ ᠰᠠᠩ᠂ ᠴᠣᠢᠵᠣᠩ ᠯᠠᠮ᠎ᠠ ᠶᠢᠨ ᠰᠦᠮ᠎ᠡ ᠮᠦᠽᠧᠢ᠂ ᠴᠢᠩᠭᠢᠰ ᠬᠠᠭᠠᠨ ᠦᠨᠳᠦᠰᠦᠨ ᠦ ᠮᠦᠽᠧᠢ᠂ ᠪᠣᠭᠳᠠ ᠬᠠᠭᠠᠨ ᠤ ᠣᠷᠳᠣᠨ ᠮᠦᠽᠧᠢ᠂ ᠭ ∙ ᠵᠠᠨᠠᠪᠠᠽᠠᠷ ᠤᠨ ᠨᠡᠷᠡᠮᠵᠢᠲᠦ ᠳᠦᠷᠰᠦᠯᠡᠬᠦ ᠤᠷᠠᠯᠢᠭ ᠤᠨ ᠮᠦᠽᠧᠢ᠂ ᠡᠷᠳᠡᠨᠢᠵᠤᠤ ᠮᠦᠽᠧᠢ᠂ ᠬᠠᠷᠠᠬᠣᠷᠣᠮ ᠮᠦᠽᠧᠢ᠂ ᠲᠡᠦᠬᠡ᠂ ᠤᠭᠰᠠᠭᠠᠲᠠᠨ ᠤ ᠵᠦᠢ ᠶᠢᠨ ᠬᠦᠷᠢᠶᠡᠯᠡᠩ ᠦᠨ ᠰᠤᠳᠤᠯᠤᠭᠠᠴᠢᠳ ᠣᠷᠣᠯᠴᠠᠵᠤ ᠴᠢᠭᠯᠡᠯ ᠲᠤᠰ ᠪᠦᠷᠢ ᠪᠡᠷ ᠢᠯᠡᠳᠬᠡᠯ ᠬᠡᠯᠡᠯᠴᠡᠭᠦᠯᠦᠭᠰᠡᠨ ᠪᠠᠢᠨ᠎ᠠ᠃

 

ᠰᠡᠳᠬᠢᠭᠳᠡᠯ ᠦᠯᠡᠳᠡᠭᠡᠬᠦ