ᠬᠥᠭᠵᠢᠯ ᠦᠨ ᠪᠠᠩᠬᠢ ᠶᠢ ᠡᠺᠰᠫᠣᠷᠲ᠂ ᠢᠮᠫᠣᠷᠲ ᠤᠨ ᠪᠠᠩᠬᠢ ᠪᠣᠯᠭᠠᠨ᠎ᠠ | News.MN

ᠬᠥᠭᠵᠢᠯ ᠦᠨ ᠪᠠᠩᠬᠢ ᠶᠢ ᠡᠺᠰᠫᠣᠷᠲ᠂ ᠢᠮᠫᠣᠷᠲ ᠤᠨ ᠪᠠᠩᠬᠢ ᠪᠣᠯᠭᠠᠨ᠎ᠠ

ᠵᠠᠰᠠᠭ ᠤᠨ ᠭᠠᠵᠠᠷ ᠤᠨ ᠬᠤᠷᠠᠯᠳᠤᠭᠠᠨ ᠳᠤ 《ᠬᠥᠭᠵᠢᠯ ᠦᠨ ᠪᠠᠩᠬᠢᠨ ᠤ ᠲᠤᠬᠠᠢ》 ᠬᠠᠤᠯᠢ ᠶᠢᠨ ᠲᠥᠰᠥᠯ ᠢ ᠵᠠᠰᠠᠭ ᠤᠨ ᠭᠠᠵᠠᠷ ᠤᠨ ᠭᠡᠰᠢᠭᠦᠳ ᠲᠦ ᠲᠠᠨᠢᠯᠴᠠᠭᠤᠯᠤᠭᠰᠠᠨ ᠭᠡᠵᠦ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠨ ∙ ᠤᠴᠠᠷᠠᠯ ᠮᠡᠳᠡᠭᠡᠯᠡᠯ᠎ᠡ᠃

ᠲᠣᠳᠣᠷᠠᠭᠤᠯᠪᠠᠯ᠂ ᠲᠤᠰ ᠬᠠᠤᠯᠢ ᠶᠢᠨ ᠲᠥᠰᠥᠯ ᠳᠦ ᠬᠥᠭᠵᠢᠯ ᠦᠨ ᠪᠠᠩᠬᠢ ᠶᠢ ᠡᠺᠰᠫᠣᠷᠲ᠂ ᠢᠮᠫᠣᠷᠲ ᠤᠨ ᠪᠠᠩᠬᠢ ᠪᠣᠯᠭᠠᠬᠤ ᠰᠢᠨ᠎ᠡ ᠡᠷᠬᠡ ᠵᠦᠢ ᠶᠢᠨ ᠵᠣᠬᠢᠴᠠᠭᠤᠯᠤᠯᠲᠠ  ᠲᠣᠰᠣᠭᠰᠠᠨ ᠪᠠᠢᠨ᠎ᠠ᠃ ᠤᠭ ᠬᠠᠤᠯᠢ ᠶᠢᠨ ᠲᠥᠰᠥᠯ ᠦᠨ ᠡᠴᠦᠰ ᠦᠨ ᠬᠤᠪᠢᠯᠪᠤᠷᠢ ᠶᠢ ᠢᠷᠡᠬᠦ 7 ᠬᠣᠨᠣᠭ ᠤᠨ ᠵᠠᠰᠠᠭ ᠤᠨ ᠭᠠᠵᠠᠷ ᠤᠨ ᠬᠤᠷᠠᠯᠳᠤᠭᠠᠨ ᠳᠤ ᠳᠠᠪᠲᠠᠨ ᠲᠠᠨᠢᠯᠴᠠᠭᠤᠯᠵᠤ᠂ ᠤᠯᠠᠮ ᠢᠶᠠᠷ ᠤᠯᠤᠰ ᠤᠨ ᠶᠡᠬᠡ ᠬᠤᠷᠠᠯ ᠳᠤ ᠡᠷᠭᠦᠨ ᠪᠠᠷᠢᠬᠤ ᠶᠤᠮ᠃

ᠮᠥᠨ ᠤᠯᠤᠰ ᠤᠨ ᠶᠡᠬᠡ ᠬᠤᠷᠠᠯ  ᠠᠴᠠ ᠪᠠᠲᠤᠯᠠᠭᠰᠠᠨ ᠵᠠᠰᠠᠭ ᠤᠨ ᠭᠠᠵᠠᠷ ᠬᠣᠭᠣᠷᠣᠨᠳᠣ ᠶᠢᠨ ᠣᠯᠠᠨ ᠤᠯᠤᠰ ᠤᠨ ᠭᠡᠷ᠎ᠡ᠂ ᠲᠡᠳᠡᠭᠡᠷ ᠢ ᠬᠡᠷᠡᠭᠵᠢᠭᠦᠯᠬᠦ ᠬᠦᠷᠢᠶᠡᠨ ᠳᠦ ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠢ ᠬᠠᠮᠠᠭᠠᠯᠠᠬᠤ᠂ ᠬᠥᠷᠥᠩᠭᠡ ᠣᠷᠣᠭᠤᠯᠤᠯᠲᠠ ᠶᠢᠨ ᠲᠣᠭᠲᠠᠪᠤᠷᠢᠲᠠᠢ ᠣᠷᠴᠢᠨ ᠢ ᠪᠤᠢ ᠪᠣᠯᠭᠠᠬᠤ ᠳᠤ ᠠᠩᠬᠠᠷᠴᠤ᠂ ᠬᠠᠤᠯᠢ ᠵᠦᠢ ᠳᠣᠲᠣᠭᠠᠳᠤ ᠬᠡᠷᠡᠭ ᠦᠨ ᠰᠠᠢᠳ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠪᠠᠢᠭᠤᠯᠤᠭᠰᠠᠨ ᠪᠠᠢᠨ᠎ᠠ᠃

 

ᠰᠡᠳᠬᠢᠭᠳᠡᠯ ᠦᠯᠡᠳᠡᠭᠡᠬᠦ