ᠮᠣᠩᠭᠣᠯ ᠤᠯᠤᠰ ᠤᠨ ᠶᠡᠷᠦᠩᠬᠡᠢᠯᠡᠭᠴᠢ ᠤ᠊ ∙ ᠬᠦᠷᠡᠯᠰᠦ᠋ᠬᠡ ᠳᠦ ᠮᠠᠨ ᠤ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠵᠦ ᠪᠤᠢ ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠦ ᠸᠣᠨ ᠰᠢᠭ ᠪᠠᠷᠠᠯᠠᠯ᠎ᠠ ᠃
ᠤ᠊ ∙ ᠬᠦᠷᠡᠯᠰᠦ᠋ᠬᠡ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠶᠢᠨ ᠬᠦᠷᠢᠶᠡᠨ ᠳᠦ ᠬᠢᠵᠦ ᠪᠤᠢ ᠠᠯᠪᠠᠨ ᠶᠣᠰᠣᠨ ᠤ ᠠᠢᠯᠴᠢᠯᠠᠯ ᠨᠢ《ᠰᠲᠷᠠᠲ᠋ᠧᠭᠢ ᠶᠢᠨ ᠲᠦᠩᠰᠢᠯᠡᠯ》 ᠦᠨ ᠬᠠᠷᠢᠯᠴᠠᠭ᠎ᠠ ᠶᠢ ᠭᠦᠨᠵᠡᠭᠡᠢᠷᠡᠭᠦᠯᠦᠨ ᠪᠡᠬᠢᠵᠢᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠢᠲᠡᠭᠡᠯ ᠲᠡᠢ ᠪᠠᠢᠭ᠎ᠠ ᠪᠠᠨ ᠢᠯᠡᠷᠬᠡᠢᠯᠡᠪᠡ᠃
ᠦ ᠸᠣᠨ ᠰᠢᠭ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠡᠷᠬᠡ ᠵᠦᠢ ᠶᠢᠨ ᠦᠨᠳᠦᠰᠦ ᠪᠡᠬᠢᠵᠢᠵᠦ᠂ ᠬᠠᠤᠯᠢ ᠲᠣᠭᠲᠠᠭᠠᠬᠤ ᠪᠠᠢᠭᠤᠯᠤᠯᠭ᠎ᠠ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠥᠷᠭᠡᠵᠢᠨ ᠬᠥᠭᠵᠢᠵᠦ ᠪᠠᠢᠭ᠎ᠠ ᠶᠢ ᠣᠨᠴᠠᠯᠠᠨ ᠲᠡᠮᠳᠡᠭᠯᠡᠪᠡ᠃ ᠴᠠᠭᠠᠰᠢᠳᠠ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠤᠯᠠᠮ ᠬᠥᠭᠵᠢᠭᠦᠯᠬᠦ᠂ ᠣᠯᠠᠨ ᠤᠯᠤᠰ᠂ ᠪᠥᠰᠡ ᠨᠤᠲᠤᠭ ᠤᠨ ᠲᠠᠪᠴᠠᠩ ᠳᠤ ᠬᠠᠮᠲᠤ ᠶᠢᠨ ᠠᠵᠢᠯᠯᠠᠭ᠎ᠠ ᠶᠢ ᠭᠦᠨᠵᠡᠭᠡᠢᠷᠡᠭᠦᠯᠬᠦ ᠶᠢᠨ ᠲᠥᠯᠥᠭᠡ ᠪᠠᠢᠭ᠎ᠠ ᠪᠠᠨ ᠢᠯᠡᠷᠬᠡᠢᠯᠡᠯ᠎ᠡ᠃