ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠦ ᠸᠣᠨ ᠰᠢᠭ ᠦᠨ ᠮᠠᠨ ᠤ ᠤᠯᠤᠰ ᠲᠤ ᠬᠢᠵᠦ ᠪᠤᠢ ᠠᠯᠪᠠᠨ ᠶᠣᠰᠣᠨ ᠤ ᠠᠢᠯᠴᠢᠯᠠᠯ 26 ᠠᠴᠠ ᠡᠬᠢᠯᠡᠭᠰᠡᠨ ᠶᠤᠮ᠃ ᠲᠡᠷᠡᠪᠡᠷ ᠮᠣᠩᠭᠣᠯ᠂ ᠰᠣᠯᠣᠩᠭᠣᠰ ᠤᠨ ᠬᠠᠮᠲᠤᠷᠠᠭᠰᠠᠨ 《ᠨᠣᠭᠣᠭᠠᠨ ᠬᠡᠷᠡᠮ》 ᠲᠥᠰᠥᠯ ᠦᠨ ᠬᠦᠷᠢᠶᠡᠨ ᠳᠦ ᠭᠣᠷᠣᠬ᠎ᠠ-ᠲᠡᠷᠡᠯᠵᠢ ᠶᠢᠨ ᠪᠠᠢᠭᠠᠯᠢ ᠶᠢᠨ ᠴᠣᠭᠴᠠᠯᠠᠪᠤᠷᠢ ᠭᠠᠵᠠᠷ ᠲᠤ ᠪᠠᠢᠭᠤᠯᠤᠭᠰᠠᠨ 《ᠬᠠᠮᠲᠤ ᠶᠢᠨ ᠣᠢ ᠶᠢᠨ ᠲᠥᠭᠡᠯ》 ᠳᠦ ᠮᠣᠳᠣ ᠲᠠᠷᠢᠪᠠ᠃
ᠮᠣᠩᠭᠣᠯ ᠂ ᠰᠣᠯᠣᠩᠭᠣᠰ ᠠᠩᠬ᠎ᠠ 1998 ᠣᠨ ᠳᠤ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠪᠠᠢᠭᠤᠯᠵᠤ᠂ ᠴᠥᠯᠵᠢᠯᠲᠡ ᠲᠡᠢ ᠲᠡᠮᠡᠴᠡᠬᠦ᠂ ᠰᠢᠷ᠎ᠠ ᠰᠢᠷᠤᠢ ᠶᠢᠨ ᠰᠢᠭᠤᠷᠭ᠎ᠠ ᠠᠴᠠ ᠰᠡᠷᠭᠡᠢᠯᠡᠬᠦ᠂ ᠪᠠᠢᠭᠠᠯᠢ ᠬᠠᠮᠠᠭᠠᠯᠠᠯ ᠳᠤ ᠬᠤᠪᠢ ᠨᠡᠮᠡᠷᠢ ᠤᠷᠤᠭᠤᠯᠬᠤ ᠵᠣᠷᠢᠯᠭ᠎ᠠ ᠪᠠᠷ ᠮᠣᠩᠭᠣᠯ᠂ ᠰᠣᠯᠣᠩᠭᠣᠰ ᠤᠨ ᠬᠠᠮᠲᠤᠷᠠᠭᠰᠠᠨ《ᠨᠣᠭᠣᠭᠠᠨ ᠬᠡᠷᠡᠮ》ᠲᠥᠰᠥᠯ ᠢ ᠡᠬᠢᠯᠡᠭᠦᠯᠦᠭᠰᠡᠨ᠃ ᠡᠨᠡ ᠬᠦᠷᠢᠶᠡᠨ ᠳᠦ 12.9 ᠭᠠ ᠲᠠᠯᠠᠪᠠᠢ ᠳᠤ ᠪᠠᠢᠭᠤᠯᠤᠭᠰᠠᠨ ᠤᠭ ᠲᠥᠭᠡᠯ ᠳᠦ ᠨᠡᠢᠲᠡ 21 ᠲᠥᠷᠥᠯ ᠦᠨ 10 ᠮᠢᠩᠭ᠎ᠠ ᠭᠠᠷᠤᠢ ᠮᠣᠳᠣ ᠲᠠᠷᠢᠵᠤ᠂ ᠤᠷᠭᠤᠭᠤᠯᠬᠤ ᠪᠠᠷ ᠲᠥᠯᠥᠪᠯᠡᠵᠡᠢ᠃ ᠤᠭ ᠲᠥᠰᠥᠯ ᠦᠨ ᠬᠦᠷᠢᠶᠡᠨ ᠳᠦ ᠥᠨᠥᠳᠥᠷ ᠦᠨ ᠪᠠᠢᠳᠠᠯ ᠢᠶᠠᠷ ᠨᠡᠢᠲᠡ 4000 ᠣᠷᠴᠢᠮ ᠭᠠ ᠲᠠᠯᠠᠪᠠᠢ ᠳᠤ ᠮᠣᠳᠣ ᠲᠠᠷᠢᠭ᠌ᠰᠠᠨ ᠭᠡᠨ᠎ᠡ᠃