ᠡᠯᠲ᠋ᠧ ᠶᠡᠬᠡ ᠰᠤᠷᠭᠠᠭᠤᠯᠢ ᠶᠢᠨ ᠮᠣᠩᠭᠣᠯ ᠰᠤᠳᠤᠯᠤᠯ ᠤᠨ ᠲᠥᠪ ᠲᠦ ᠵᠣᠴᠢᠯᠠᠵᠠᠢ | News.MN

ᠡᠯᠲ᠋ᠧ ᠶᠡᠬᠡ ᠰᠤᠷᠭᠠᠭᠤᠯᠢ ᠶᠢᠨ ᠮᠣᠩᠭᠣᠯ ᠰᠤᠳᠤᠯᠤᠯ ᠤᠨ ᠲᠥᠪ ᠲᠦ ᠵᠣᠴᠢᠯᠠᠵᠠᠢ

ᠭᠠᠳᠠᠭᠠᠳᠤ ᠬᠠᠷᠢᠯᠴᠠᠭᠠᠨ ᠤ ᠰᠠᠢᠳ ᠪ ∙ ᠪᠠᠲᠤᠴᠠᠴᠠᠭ᠌ ᠦᠨ ᠬᠠᠩᠭᠠᠷᠢ ᠤᠯᠤᠰ ᠲᠤ ᠬᠢᠭᠰᠡᠨ ᠠᠯᠪᠠᠨ ᠶᠣᠰᠣᠨ ᠤ ᠠᠢᠯᠴᠢᠯᠠᠯ ᠤᠨ  ᠦᠶ᠎ᠡ ᠳᠦ ᠭᠠᠳᠠᠭᠠᠳᠤ ᠬᠠᠷᠢᠯᠴᠠᠭᠠᠨ ᠤ ᠶᠠᠮᠤᠨ ᠤ ᠲᠥᠯᠥᠭᠡᠯᠡᠯ  ᠦᠲ᠋ᠦᠸᠦ᠋ᠱ ᠯᠣᠷᠠᠨ᠋ᠳ᠋ ᠤᠨ ᠨᠡᠷᠡᠮᠵᠢᠲᠦ ᠡᠯᠲ᠋ᠧ ᠶᠡᠬᠡ ᠰᠤᠷᠭᠠᠭᠤᠯᠢ ᠶᠢᠨ 《ᠮᠣᠩᠭᠣᠯ ᠪᠠ ᠲᠥᠪ ᠠᠽᠢᠶ᠎ᠠ ᠰᠤᠳᠤᠯᠤᠯ ᠤᠨ ᠲᠡᠩᠬᠢᠮ》 ᠦᠨ ᠬᠠᠷᠢᠶ᠎ᠠ ᠮᠣᠩᠭᠣᠯ ᠰᠤᠳᠤᠯᠤᠯ ᠤᠨ ᠲᠥᠪ ᠲᠦ ᠵᠣᠴᠢᠯᠠᠵᠤ᠂ ᠪᠢᠷᠲ᠋ᠠᠯᠠᠨ ᠠᠩᠨᠡᠰᠢ ᠲᠡᠷᠢᠭᠦᠲᠡᠢ ᠮᠣᠩᠭᠣᠯ ᠰᠤᠳᠤᠯᠤᠭᠠᠴᠢᠳ ᠪᠣᠯᠤᠨ ᠮᠣᠩᠭᠣᠯ ᠬᠡᠯᠡ᠂ ᠰᠤᠶᠤᠯ ᠢ ᠰᠤᠳᠤᠯᠤᠨ ᠰᠤᠷᠤᠯᠴᠠᠵᠤ ᠪᠤᠢ ᠮᠠᠭᠢᠰᠲ᠋ᠷᠠᠨᠲ᠂ ᠳ᠋ᠣᠺᠲ᠋ᠣᠷᠠᠨᠲ ᠤᠨ ᠣᠶᠤᠲᠠᠳ ᠲᠠᠢ ᠠᠭᠤᠯᠵᠠᠭᠰᠠᠨ ᠪᠠᠢᠨ᠎ᠠ᠃

ᠬᠠᠩᠭᠠᠷᠢ ᠤᠯᠤᠰ ᠲᠤ ᠡᠳᠦᠭᠡ 40 ᠭᠠᠷᠤᠢ ᠮᠣᠩᠭᠣᠯ ᠰᠤᠳᠤᠯᠤᠭᠠᠴᠢ ᠰᠤᠳᠤᠯᠭ᠎ᠠ ᠬᠢᠵᠦ ᠪᠠᠢᠭ᠎ᠠ ᠨᠢ ᠲᠣᠭ᠎ᠠ ᠪᠠᠷ ᠢᠶᠠᠨ ᠪᠥᠰᠡ ᠨᠤᠲᠤᠭ ᠲᠤ ᠪᠠᠨ ᠲᠡᠷᠢᠭᠦᠯᠡᠵᠦ ᠪᠠᠢᠨ᠎ᠠ᠃ ᠥᠩᠭᠡᠷᠡᠭᠰᠡᠨ ᠬᠤᠭᠤᠴᠠᠭᠠᠨ ᠳᠤ ᠤᠭ ᠰᠤᠷᠭᠠᠭᠤᠯᠢ ᠶᠢ ᠮᠣᠩᠭᠣᠯ ᠰᠤᠳᠤᠯᠤᠯ ᠤᠨ ᠴᠢᠭᠯᠡᠯ ᠢᠶᠡᠷ 100 ᠭᠠᠷᠤᠢ ᠣᠶᠤᠲᠠᠨ ᠲᠡᠭᠦᠰᠦᠭᠰᠡᠨ ᠪᠥᠭᠡᠳ 2024-2025 ᠣᠨ ᠤ ᠬᠢᠴᠢᠶᠡᠯ ᠦᠨ ᠵᠢᠯ ᠳᠦ ᠬᠠᠩᠭᠠᠷᠢ᠂ ᠬᠢᠲᠠᠳ᠂ ᠬᠠᠰᠠᠭ ᠵᠡᠷᠭᠡ 18 ᠣᠶᠤᠲᠠᠨ ᠰᠤᠷᠤᠯᠴᠠᠵᠤ ᠪᠠᠢᠨ᠎ᠠ᠃

ᠰᠡᠳᠬᠢᠭᠳᠡᠯ ᠦᠯᠡᠳᠡᠭᠡᠬᠦ