ᠴᠧᠾ ᠬᠡᠯᠡᠨ ᠦ《ᠮᠣᠩᠭᠣᠯ ᠤᠨ ᠨᠢᠭᠤᠴᠠ ᠲᠣᠪᠴᠢᠶᠠᠨ》 ᠢ ᠳᠠᠬᠢᠨ ᠬᠡᠪᠯᠡᠨ᠎ᠡ | News.MN

ᠴᠧᠾ ᠬᠡᠯᠡᠨ ᠦ《ᠮᠣᠩᠭᠣᠯ ᠤᠨ ᠨᠢᠭᠤᠴᠠ ᠲᠣᠪᠴᠢᠶᠠᠨ》 ᠢ ᠳᠠᠬᠢᠨ ᠬᠡᠪᠯᠡᠨ᠎ᠡ

ᠤᠯᠤᠰ ᠤᠨ ᠶᠡᠬᠡ᠎ ᠬᠤᠷᠠᠯ ᠤᠨ ᠪᠣᠯᠪᠠᠰᠤᠷᠠᠯ᠂ ᠰᠤᠶᠦᠯ᠂ ᠰᠢᠨᠵᠢᠯᠡᠬᠦ ᠤᠬᠠᠭᠠᠨ᠂ ᠰᠫᠣᠷᠲ ᠤᠨ ᠪᠠᠢᠩᠭᠤ ᠶᠢᠨ ᠬᠣᠷᠢᠶᠠᠨ ᠤ ᠳᠠᠷᠤᠭ᠎ᠠ ᠴ᠎· ᠤᠨᠳᠤᠷᠤᠮ᠎ᠠ ᠲᠡᠷᠢᠭᠦᠲᠡᠢ ᠲᠥᠯᠦᠭᠡᠯᠡᠭ᠍ᠴᠢᠳ ᠡᠨᠡ ᠰᠠᠷ᠎ᠠ ᠶᠢᠨ 13-14  ᠳᠤ ᠴᠧᠾ ᠳᠤ ᠠᠵᠢᠯ ᠤᠨ ᠠᠢᠯᠴᠢᠯᠠᠯ ᠬᠢᠯ᠎ᠡ᠃ ᠲᠡᠳᠡ ᠺᠠᠷᠢᠯ ᠤᠨ ᠶᠡᠭᠡ ᠰᠤᠷᠭᠠᠭᠤᠯᠢ ᠶᠢᠨ ᠭᠠᠳᠠᠭᠠᠳᠤ ᠬᠠᠷᠢᠯᠴᠠᠭ᠎ᠠ ᠡᠷᠬᠢᠯᠡᠭ᠍ᠰᠡᠨ ᠳᠡᠳ᠋ ᠵᠠᠬᠢᠷᠤᠯ ᠡᠸᠠ ᠸᠤᠯᠳᠠᠷᠵᠢᠾᠤᠸᠠ ᠪᠠᠷᠠᠨᠺᠤᠸᠠ ᠲᠠᠢ ᠠᠭᠤᠯᠵᠠᠵᠤ᠂ ᠮᠣᠩᠭᠣᠯ ᠤᠯᠤᠰ ᠤᠨ ᠶᠡᠷᠦᠩᠬᠡᠢᠢᠯᠡᠭ᠍ᠴᠢ ᠶᠢᠨ《ᠢᠯᠡᠭᠡᠯᠲᠡ – 2100》ᠲᠡᠳᠬᠦᠯᠭᠡᠲᠤ ᠬᠥᠲᠥᠯᠪᠦᠷᠢ ᠪᠤᠯᠦᠠ ᠲᠤᠰ ᠶᠡᠭᠡ ᠰᠤᠷᠭᠠᠭᠤᠯᠢ ᠶᠢᠨ ᠮᠣᠩᠭᠣᠯ ᠰᠤᠳᠤᠯᠤᠯ ᠢ ᠳᠡᠮᠵᠢᠵᠦ ᠠᠵᠢᠯᠯᠠᠬᠤ᠂ ᠴᠧᠾ ᠬᠡᠯᠡ ᠤᠷᠤᠭᠤ ᠮᠣᠩᠭᠣᠯᠴᠢ ᠡᠷᠳᠡᠮᠲᠡᠨ ᠫᠠᠸᠧᠯ ᠫᠤᠤᠬ᠎ᠠ ᠶᠢᠨ ᠣᠷᠴᠢᠭᠤᠯᠤᠭᠰᠠᠨ《ᠮᠣᠩᠭᠣᠯ ᠤᠨ ᠨᠢᠭᠤᠴᠠ  ᠲᠣᠪᠴᠢᠶᠠᠨ》᠎ ᠶᠢ ᠳᠠᠬᠢᠨ ᠬᠡᠪᠯᠡᠬᠦ᠂ ᠮᠣᠩᠭᠣᠯ ᠤᠨ ᠲᠡᠦᠬᠡ ᠲᠠᠢ ᠬᠣᠯᠪᠤᠭ᠎ᠠ ᠲᠠᠢ ᠰᠡᠭᠦᠯ ᠦᠨ ᠦᠶ᠎ᠡ ᠶᠢᠨ ᠰᠤᠳᠤᠯᠭᠠᠨ ᠤ ᠪᠦᠲᠦᠭᠡᠯ ᠢ ᠡᠮᠬᠢᠳᠬᠡᠨ ᠬᠡᠪᠯᠡᠬᠦ ᠲᠤᠬᠠᠶ ᠶᠠᠷᠢᠯᠴᠠᠵᠠᠢ᠃ ᠬᠠᠷᠢᠨ ᠡᠯᠴᠢᠨ ᠰᠠᠢᠳ ᠳ᠎ · ᠭᠠᠩᠰᠦ᠋ᠬᠡ ᠮᠣᠩᠭᠣᠯ ᠬᠡᠦᠬᠡᠳ ᠦᠳ ᠲᠦ ᠵᠣᠷᠢᠭᠤᠯᠤᠭᠰᠠᠨ ᠮᠣᠩᠭᠣᠯ ᠬᠡᠯᠡ᠂ ᠰᠣᠶᠤᠯ ᠤᠨ ᠲᠥᠪ ᠨᠡᠭᠡᠭᠡᠬᠦ ᠠᠵᠢᠯ ᠤᠨ ᠶᠠᠪᠤᠴᠠ ᠪᠠᠨ ᠲᠡᠳᠡᠨ ᠳᠦ ᠲᠠᠨᠢᠯᠴᠠᠭᠤᠯᠵᠠᠢ ᠃

ᠰᠡᠳᠬᠢᠭᠳᠡᠯ ᠦᠯᠡᠳᠡᠭᠡᠬᠦ