ᠠᠷᠠᠪ ᠤᠨ ᠨᠢᠭᠡᠳᠦᠭ᠍ᠰᠡᠨ ᠡᠮᠢᠷᠠᠲ ᠤᠯᠤᠰ ᠲᠤ ᠰᠢᠲᠠᠷ᠎ᠠ ᠶᠢᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠵᠤ᠂ ᠡᠮᠡᠭ᠍ᠲᠡᠢᠴᠦᠳ ᠤᠨ ᠠᠩᠭᠢᠯᠠᠯ ᠳᠤ ᠥᠷᠢᠰᠦᠯᠳᠦᠭ᠍ᠰᠡᠨ ФИДЕ ᠳᠡᠳ᠋ ᠮᠠᠰᠲ᠋ᠧᠷ ᠪ ∙ ᠮᠥᠩᠭᠦᠨᠵᠤᠯᠠ ᠶᠢᠰᠤᠨ ᠥᠷᠥᠭ ᠡᠴᠡ ᠳᠣᠯᠣᠭ᠎ᠠ ᠣᠨᠤᠭ᠎ᠠ ᠠᠪᠤᠭᠰᠠᠨ ᠢᠶᠠᠷ ᠮᠥᠩᠭᠥᠨ ᠮᠧᠳᠠᠯ ᠬᠦᠷᠲᠡᠪᠡ᠃ ᠢᠩᠭᠢᠭᠡᠳ ᠲᠡᠷᠡ ᠠᠽᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠠᠴᠠ ᠮᠥᠩᠭᠥᠨ ᠮᠧᠳᠠᠯ ᠬᠦᠷᠲᠡᠭ᠍ᠰᠡᠨ ᠠᠩᠬᠠᠨ ᠤ ᠮᠣᠩᠭᠣᠯ ᠰᠢᠲᠠᠷᠠᠴᠢᠨ ᠪᠣᠯᠪᠠ ᠃
ᠪ ∙ ᠮᠥᠩᠭᠦᠨᠵᠤᠯᠠ ᠡᠨᠡ ᠬᠦ ᠲᠡᠮᠡᠴᠡᠭᠡᠨ ᠡᠴᠡ ᠮᠥᠩᠭᠥᠨ ᠮᠧᠳᠠᠯ ᠬᠦᠷᠲᠡᠭ᠍ᠰᠡᠨ ᠢᠶᠡᠷ ᠡᠮᠡᠭ᠍ᠳᠡᠢ ᠣᠯᠠᠨ ᠤᠯᠤᠰ ᠤᠨ ᠮᠠᠰᠲ᠋ᠧᠷ ᠤᠨ ᠴᠣᠯᠠᠨ ᠤ ᠪᠣᠯᠵᠤᠯ ᠬᠠᠩᠭᠠᠬᠤ ᠠᠴᠠ ᠭᠠᠳᠡᠨ᠎ᠡ ᠳᠡᠯᠡᠬᠡᠢ ᠶᠢᠨ ᠴᠣᠮᠣ ᠳᠤ ᠦᠷᠢᠰᠦᠯᠳᠦᠬᠦ ᠡᠷᠬᠡ ᠠᠪᠤᠯ᠎ᠠ ᠃