ᠮᠣᠩᠭᠣᠯ ᠤᠯᠤᠰ ᠤᠨ ᠶᠡᠭᠡ ᠬᠤᠷᠠᠯ ᠤᠨ ᠳᠠᠷᠤᠭ᠎ᠠ ᠳ· ᠠᠮᠤᠷᠪᠠᠶᠠᠰᠬᠤᠯᠠᠩ ᠶᠠᠫᠤᠨ ᠤᠯᠤᠰ ᠤᠨ ᠶᠡᠷᠦᠩᠬᠡᠶ ᠰᠠᠢᠳ ᠠᠭᠰᠠᠨ ᠠᠪᠧ ᠰᠢᠨᠽᠤ᠋ ᠶᠢᠨ ᠭᠡᠷᠭᠡᠢ᠂ ᠶᠠᠫᠣᠨ ᠤ ᠨᠡᠢᠭᠡᠮ ᠤᠨ ᠬᠥᠭ᠍ᠵᠢᠯ ᠤᠨ ᠳᠡᠮᠵᠢᠬᠦ ᠰᠠᠩ ᠤᠨ ᠲᠡᠷᠢᠬᠦᠠ ᠠᠪᠧ ᠠᠺᠢᠶᠧ ᠶᠢ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠠᠪᠧ ᠠᠺᠢᠶᠧ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ᠂ ᠨᠢᠭᠡᠳᠦᠭ᠍ᠰᠡᠨ ᠦᠨᠳᠦᠰᠦᠨ ᠤ ᠪᠠᠢᠭᠤᠯᠤᠯᠭ᠎ᠠ᠂《ᠺᠤᠢᠺᠠ》 ᠰᠣᠯᠤᠩᠭᠤᠰ ᠤᠨ ᠣᠯᠠᠨ ᠤᠯᠤᠰ ᠤᠨ ᠬᠠᠮᠲᠤ ᠶ᠋ᠢᠨ ᠠᠵᠢᠯᠯᠠᠭᠠᠨ ᠤ ᠪᠠᠢᠭᠤᠯᠤᠯᠭ᠎ᠠ ᠠᠴᠠ ᠡᠨᠡ ᠰᠠᠷ᠎ᠠ ᠶᠢᠨ 21-22 ᠳᠤ ᠵᠣᠬᠢᠶᠠᠨ ᠪᠠᠢᠭᠤᠯᠵᠤ ᠪᠤᠶ 《 ᠪᠢᠳᠡ ᠡᠮᠡᠭ᠍ᠲᠡᠢᠴᠦᠳ 》ᠴᠢᠭᠤᠯᠭᠠᠨ ᠳᠤ ᠣᠷᠣᠯᠴᠠᠵᠤ ᠪᠤᠶ ᠶᠤᠮ᠃
ᠬᠠᠲᠤᠭᠲᠠᠶ ᠠᠪᠧ ᠠᠺᠢᠶᠧ ᠨᠥᠬᠥᠷ ᠦᠨ ᠬᠠᠮᠲᠤ ᠪᠠᠷ ᠮᠠᠨ ᠤ ᠤᠯᠤᠰ ᠲᠤ ᠬᠣᠶᠠᠷ ᠤᠳᠠᠭ᠎ᠠ ᠵᠣᠴᠢᠯᠠᠵᠤ ᠪᠠᠢᠭᠰᠠᠨ ᠪᠥᠭᠡᠳ ᠴᠢᠨᠠᠭᠰᠢᠳᠠ ᠴᠤ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶᠢ ᠥᠷᠭᠡᠵᠢᠭᠦᠯᠬᠦ ᠳᠦ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠤ ᠪᠠᠨ ᠢᠲᠡᠭᠡᠯ ᠲᠠᠢ ᠪᠠᠢᠭ᠎ᠠ ᠪᠠᠨ ᠢᠯᠡᠷᠬᠡᠢᠯᠡᠵᠡᠢ ᠃