ᠴᠣᠭᠲᠣᠪᠠᠭᠠᠲᠤᠷ ᠬᠢᠲᠠᠳ ᠤᠨ ᠣᠯᠠᠨ ᠤᠯᠤᠰ ᠰᠤᠳᠤᠯᠤᠯ ᠤᠨ ᠬᠦᠷᠢᠶᠡᠯᠡᠩ ᠦᠨ ᠲᠥᠯᠥᠭᠡᠯᠡᠯ  ᠲᠠᠢ ᠠᠭᠤᠯᠵᠠᠪᠠ | News.MN

ᠴᠣᠭᠲᠣᠪᠠᠭᠠᠲᠤᠷ ᠬᠢᠲᠠᠳ ᠤᠨ ᠣᠯᠠᠨ ᠤᠯᠤᠰ ᠰᠤᠳᠤᠯᠤᠯ ᠤᠨ ᠬᠦᠷᠢᠶᠡᠯᠡᠩ ᠦᠨ ᠲᠥᠯᠥᠭᠡᠯᠡᠯ  ᠲᠠᠢ ᠠᠭᠤᠯᠵᠠᠪᠠ

ᠤᠯᠤᠰ ᠤᠨ ᠶᠡᠬᠡ᠎ ᠬᠤᠷᠠᠯ ᠤᠨ ᠬᠠᠤᠯᠢ ᠵᠦᠢ ᠶᠢᠨ ᠪᠠᠢᠩᠭᠤ ᠶᠢᠨ ᠬᠣᠷᠢᠶᠠᠨ ᠤ ᠳᠠᠷᠤᠭ᠎ᠠ D᠎∙ ᠴᠣᠭᠲᠣᠪᠠᠭᠠᠲᠤᠷ ᠡᠨᠡ ᠰᠠᠷ᠎ᠠ ᠶᠢᠨ 6  ᠳᠤ ᠬᠢᠲᠠᠳ ᠤᠨ ᠣᠯᠠᠨ ᠤᠯᠤᠰ ᠤᠨ ᠰᠤᠳᠤᠯᠤᠯ ᠤᠨ ᠬᠦᠷᠢᠶᠡᠯᠡᠩ ᠦᠨ ᠳᠡᠯᠡᠬᠡᠢ ᠶᠢᠨ ᠡᠩᠬᠡ ᠲᠠᠢᠢᠪᠤᠩ᠂ ᠠᠶᠤᠯᠭᠦᠢ ᠪᠠᠢᠳᠠᠯ ᠤᠨ ᠰᠤᠳᠤᠯᠭᠠᠨ ᠤ ᠭᠠᠵᠠᠷ ᠤᠨ ᠵᠠᠬᠢᠷᠤᠯ ᠵᠦ ᠵᠢᠶᠦ᠋ᠨ ᠪᠦᠧᠸ ᠲᠡᠷᠢᠭᠦᠲᠡᠢ ᠵᠣᠴᠢᠳ ᠢ ᠬᠦᠯᠢᠶᠡᠨ ᠠᠪᠴᠤ ᠠᠭᠤᠯᠵᠠᠪᠠ ᠃

ᠬᠢᠲᠠᠳ ᠤᠨ ᠣᠯᠠᠨ ᠤᠯᠤᠰ ᠤᠨ ᠰᠤᠳᠤᠯᠭᠠᠨ ᠤ ᠬᠦᠷᠢᠶᠡᠯᠡᠩ︵ CIIS︶ᠨᠢ ᠪᠦᠭᠦᠳᠡ ᠨᠠᠢᠷᠠᠮᠳᠠᠬᠤ ᠬᠢᠲᠠᠳ ᠠᠷᠠᠳ ‍ ᠤᠯᠤᠰ ᠤᠨ ᠭᠠᠳᠠᠭᠠᠳᠤ ᠬᠡᠷᠡᠭ ᠦᠨ ᠶᠠᠮᠤᠨ ᠤ ᠳᠡᠷᠭᠡᠳᠡᠬᠢ ᠰᠤᠳᠤᠯᠭᠠᠨ ᠤ ᠲᠥᠪ ᠪᠥᠭᠡᠳ ᠰᠲᠷᠠᠲ᠋ᠧᠭᠢ ᠶᠢᠨ ᠠᠴᠢ ᠬᠣᠯᠪᠣᠭᠳᠠᠯ ᠪᠦᠬᠦᠢ ᠳᠤᠮᠳᠠ ᠪᠤᠯᠦᠠ ᠤᠷᠲᠤ ᠬᠤᠭᠤᠴᠠᠭᠠᠨ ᠤ ᠪᠣᠳᠣᠯᠭ᠎ᠠ ᠶᠢᠨ ᠠᠰᠠᠭᠤᠳᠠᠯ ᠤᠳ ᠂ ᠣᠯᠠᠨ ᠤᠯᠤᠰ ᠤᠨ ᠤᠯᠤᠰ ᠲᠥᠷᠦ ᠂ ᠳᠡᠯᠡᠬᠡᠢ ᠶᠢᠨ ᠡᠳ᠋ ᠦᠨ ᠵᠠᠰᠠᠭ ᠂ ᠣᠯᠠᠨ ᠤᠯᠤᠰ ᠤᠨ ᠬᠠᠷᠢᠯᠴᠠᠭᠠᠨ ᠤ ᠴᠢᠭ᠍ᠯᠡᠯ ᠢᠶᠡᠷ ᠰᠤᠳᠤᠯᠭ᠎ᠠ ᠂ ᠰᠢᠨᠵᠢᠯᠡᠭᠡ ᠬᠢᠳᠡᠭ ᠪᠡᠢᠨ᠎ᠡ ᠃

ᠠᠭᠤᠯᠵᠠᠯᠲᠠ ᠶᠢᠨ ᠦᠶ᠎ᠡ ᠪᠠᠷ D᠎∙ ᠴᠣᠭᠲᠣᠪᠠᠭᠠᠲᠤᠷ ᠵᠣᠴᠢᠳ ᠲᠤ ᠮᠣᠩᠭᠣᠯ ᠤᠯᠤᠰ ᠤᠨ ᠤᠯᠤᠰ ᠲᠥᠷᠦ ᠂ ᠨᠡᠢᠭᠡᠮ ᠂ ᠡᠳ᠋ ᠦᠨ ᠵᠠᠰᠠᠭ ᠤᠨ ᠥᠨᠦ ᠶᠢᠨ ᠨᠥᠬᠦᠴᠡᠯ ᠪᠠᠢᠳᠠᠯ ᠂ ᠬᠥᠮᠥᠨ ᠤ ᠡᠷᠬᠡ ᠶᠢ ᠬᠠᠩᠭᠠᠬᠤ ᠂ ᠬᠠᠮᠡᠭᠠᠯᠡᠬᠤ ᠴᠢᠭ᠍ᠯᠡᠯ  ᠤᠨ ᠬᠠᠤᠯᠢ ᠲᠣᠭᠲᠠᠭᠠᠮᠵᠢ ᠨᠤᠭᠤᠳ ᠤᠨ ᠲᠠᠯ᠎ᠠ ᠪᠡᠷ ᠲᠠᠨᠢᠯᠴᠠᠭᠤᠯᠤᠯ᠎ᠠ ᠃ ᠮᠥᠨ ᠵᠣᠴᠢᠳ ᠤᠨ ᠰᠣᠨᠢᠷᠬᠠᠭᠰᠠᠨ  ᠤ ᠳᠠᠭᠠᠤ ᠣᠯᠠᠨ ᠤᠯᠤᠰ ᠤᠨ ᠬᠠᠷᠢᠯᠴᠠᠭ᠎ᠠ ᠂ ᠬᠤᠳᠠᠯᠳᠤᠭᠠᠨ ᠤ ᠨᠥᠬᠦᠴᠡᠯ ᠪᠠᠢᠳᠠᠯ ᠂ ᠵᠡᠭᠦᠨ ᠬᠣᠢᠳᠤ ᠠᠽᠢᠶ᠎ᠠ ᠪᠤᠯᠦᠠ ᠪᠦᠰᠡ ᠨᠤᠲᠤᠭ ᠤᠨ ᠠᠶᠤᠯᠭᠦᠢ ᠪᠠᠢᠳᠠᠯ ᠂ ᠮᠣᠩᠭᠣᠯ ᠬᠢᠲᠠᠳ ᠤᠨ ᠬᠠᠷᠢᠯᠴᠠᠭ᠎ᠠ ᠂ ᠬᠠᠮᠲᠤ ᠶ᠋ᠢᠨ ᠠᠵᠢᠯᠯᠠᠭᠠᠨ ᠤ ᠲᠠᠯ᠎ᠠ ᠪᠠᠷ ᠨᠡᠭᠡᠭᠡᠯᠲᠡ ᠲᠠᠢ ᠶᠠᠷᠢᠯᠴᠠᠭᠰᠠᠨ  ᠪᠠᠢᠨ᠎ᠠ ᠃

ᠰᠡᠳᠬᠢᠭᠳᠡᠯ ᠦᠯᠡᠳᠡᠭᠡᠬᠦ