1955 ᠣᠨ ᠤ《ᠮᠣᠩᠭᠣᠯ ᠬᠢᠲᠠᠳ ᠤᠨ ᠬᠢᠯᠢ ᠶᠢᠨ ᠲᠡᠮᠦᠷ ᠵᠠᠮ ᠤᠨ ᠬᠡᠯᠡᠯᠴᠡᠭᠡᠷ 》 ᠢ ᠰᠢᠨᠡᠴᠢᠯᠡᠨ᠎ᠡ | News.MN

1955 ᠣᠨ ᠤ《ᠮᠣᠩᠭᠣᠯ ᠬᠢᠲᠠᠳ ᠤᠨ ᠬᠢᠯᠢ ᠶᠢᠨ ᠲᠡᠮᠦᠷ ᠵᠠᠮ ᠤᠨ ᠬᠡᠯᠡᠯᠴᠡᠭᠡᠷ 》 ᠢ ᠰᠢᠨᠡᠴᠢᠯᠡᠨ᠎ᠡ

ᠵᠠᠰᠠᠭ ᠤᠨ ᠭᠠᠵᠠᠷ ᠤᠨ ᠬᠡᠷᠡᠭ᠍ᠵᠢᠭᠦᠯᠦᠭ᠍ᠴᠢ ᠠᠭᠧᠨ᠋ᠲᠯᠢᠭ᠋ ᠲᠡᠮᠦᠷ ᠵᠠᠮ ᠤᠨ ᠭᠠᠵᠠᠷ ᠤᠨ ᠳᠠᠷᠤᠭ᠎ᠠ ᠪ ∙ ᠠᠷᠲ᠋ᠤᠷ ᠲᠡᠷᠢᠭᠦᠲᠡᠢ ᠠᠯᠪᠠᠨ ᠤ ᠲᠥᠯᠦᠭᠡᠯᠡᠯ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠲᠡᠮᠦᠷ ᠵᠠᠮ ᠤᠨ ᠭᠠᠵᠠᠷ ᠤᠨ ᠤᠳᠤᠷᠢᠳᠤᠯᠭ᠎ᠠ ᠲᠠᠢ ᠠᠭᠤᠯᠵᠠᠵᠤ ᠲᠡᠷᠡᠭᠠᠬᠢ ᠲᠣᠬᠢᠷᠠᠯᠴᠠᠭᠠᠨ ᠳᠤ ᠬᠦᠷᠦᠯ᠎ᠡ ᠄

✓ ᠭᠠᠰᠢᠭᠤᠨᠰᠤᠬᠠᠢᠲᠤ᠂ ᠭᠠᠭᠴᠠᠮᠤᠳᠤ ᠪᠣᠭᠤᠮᠲᠠ ᠶᠢᠨ ᠬᠢᠯᠢ ᠳᠠᠮᠨᠠᠭᠰᠠᠨ ᠲᠡᠮᠦᠷ ᠵᠠᠮ ᠤᠨ ᠪᠦᠲᠦᠭᠡᠨ ᠪᠠᠢᠭᠤᠯᠤᠯᠲᠠ ᠳᠤ ᠠᠬᠢᠴᠠ ᠭᠠᠷᠴᠤ ᠪᠤᠢ ᠲᠠᠢ ᠬᠣᠯᠪᠤᠭᠳᠠᠭᠤᠯᠤᠨ ᠮᠣᠩᠭᠣᠯ ᠂ ᠬᠢᠲᠠᠳ ᠤᠨ ᠰᠢᠪᠡᠭᠡ ᠬᠦᠷᠡᠩ – ᠴᠡᠭᠡ ᠂ ᠪᠢᠴᠢᠭᠲᠦ–  ᠵᠡᠭᠦᠨᠬᠠᠲᠠᠪᠴᠢ᠂ ᠬᠠᠩᠭᠢ– ᠮᠠᠨᠳᠤᠯ ᠪᠣᠭᠣᠮᠲᠠ ᠨᠤᠭᠤᠳ ᠢ ᠲᠡᠮᠦᠷ ᠵᠠᠮ ᠢᠶᠠᠷ ᠬᠤᠯᠪᠦᠬᠤ ᠠᠰᠠᠭᠤᠳᠠᠯ ᠢ ᠦᠶ᠎ᠡ ᠱᠠᠲᠤ ᠲᠠᠢ ᠲᠥᠯᠥᠪᠯᠡᠨ ᠪᠦᠲᠦᠭᠡᠨ ᠪᠡᠢᠭᠤᠯᠬᠤ ᠠᠵᠢᠯ ᠢ  ᠡᠷᠴᠢᠮᠵᠢᠭᠦᠯᠬᠦ

✓ ᠲᠡᠮᠦᠷ ᠵᠠᠮ ᠤᠨ ᠰᠠᠯᠪᠤᠷᠢ ᠶᠢᠨ ᠳᠦᠷᠢᠮ ᠵᠢᠷᠤᠮ ᠂ ᠰᠲ᠋ᠠᠨᠳᠠᠷᠲᠴᠢᠯᠠᠯ ᠤᠨ ᠲᠣᠭᠲᠠᠯᠴᠠᠭ᠎ᠠ ᠶᠢ ᠰᠠᠢᠵᠢᠷᠠᠭᠤᠯᠬᠤ᠂ ᠬᠣᠶᠠᠷ ᠤᠯᠤᠰ ᠤᠨ ᠲᠡᠮᠦᠷ ᠵᠠᠮ ᠤᠨ ᠰᠠᠯᠪᠤᠷᠢ ᠳᠤ ᠮᠥᠷᠳᠡᠭ᠍ᠳᠡᠵᠦ ᠪᠤᠶ ᠵᠠᠬᠢᠷᠭᠠᠨ ᠤ ᠬᠡᠮ ᠬᠡᠮᠵᠢᠶᠡᠨ ᠤ ᠠᠺᠲ ᠤᠳ ᠤᠨ ᠤᠶᠠᠯᠳᠤᠭ᠎ᠠ ᠶᠢ ᠬᠠᠩᠭᠠᠵᠤ ᠂ ᠲᠡᠭᠡᠭᠡᠪᠦᠷᠢᠯᠡᠯᠲᠡ ᠶᠢ ᠬᠦᠨᠭᠭᠡᠪᠴᠢᠯᠡᠬᠦ  ᠳᠤ ᠬᠠᠷᠢᠯᠴᠠᠨ ᠮᠡᠳᠡᠭᠡᠯᠡᠯ᠂ ᠲᠤᠷᠰᠢᠯᠭ᠎ᠠ ᠰᠣᠯᠢᠯᠴᠠᠨ ᠨᠢᠬᠳᠠ ᠬᠠᠮᠲᠤᠷᠠᠨ  ᠠᠵᠢᠯᠯᠠᠬᠤ

✓ ᠲᠡᠮᠦᠷ ᠵᠠᠮ ᠤᠨ ᠠᠶᠤᠯᠭᠦᠢ ᠠᠵᠢᠯᠯᠠᠭ᠎ᠠ ᠶᠢ ᠬᠠᠩᠭᠠᠬᠤ᠂ ᠬᠢᠨᠠᠯᠲᠠ ᠤᠳᠤᠷᠢᠳᠤᠯᠭ᠎ᠠ ᠶᠢ ᠪᠣᠯᠪᠠᠰᠤᠷᠠᠩᠭᠤᠢ ᠪᠣᠯᠭᠠᠬᠤ ᠬᠦᠷᠢᠶᠡᠨ ᠳᠤ ᠬᠣᠶᠠᠷ ᠤᠯᠤᠰ ᠤᠨ ᠲᠡᠮᠦᠷ ᠵᠠᠮ ᠤᠨ ᠭᠠᠵᠠᠷ ᠤᠳ ᠵᠤᠬᠢᠬᠤ ᠲᠤᠰᠬᠠᠶ ᠵᠥᠪᠰᠢᠶᠡᠷᠡᠯ ᠱᠠᠭᠠᠷᠳᠠᠳᠠᠭ ᠲᠡᠮᠦᠷ ᠵᠠᠮ ᠤᠨ ᠠᠵᠢᠯ ᠂ ᠦᠢᠯᠡᠴᠢᠯᠡᠭᠡ ᠡᠷᠬᠢᠯᠡᠬᠦ ᠡᠷᠬᠡ ᠪᠦᠬᠦᠢ ᠠᠵᠤ ᠠᠬᠤᠢ ᠶᠢᠨ ᠨᠢᠭᠡᠴᠢ᠂ ᠪᠠᠢᠭᠤᠯᠤᠯᠭ᠎ᠠ ᠶᠢᠨ ᠵᠢᠭ᠌ᠰᠠᠭᠠᠯᠲᠠ ᠶᠢ ᠬᠠᠷᠢᠯᠴᠠᠨ ᠰᠣᠯᠢᠯᠴᠠᠵᠤ᠂ ᠴᠢᠨᠠᠭᠰᠢᠳᠠ ᠲᠤᠭᠳᠠᠮᠠᠯ ᠰᠢᠨᠡᠴᠢᠯᠡᠬᠦ ᠵᠡᠷᠭᠡ ᠬᠤᠯᠪᠦᠬᠳᠡᠬᠤ ᠠᠷᠭ᠎ᠠ ᠬᠡᠮᠵᠢᠶ᠎ᠡ ᠶᠢ ᠠᠪᠴᠤ ᠠᠵᠢᠯᠯᠠᠬᠤ

✓ ᠲᠡᠮᠦᠷ ᠵᠠᠮ ᠤᠨ ᠠᠰᠠᠭᠤᠳᠠᠯ ᠬᠠᠷᠢᠭᠤᠴᠠᠭᠰᠠᠨ ᠲᠥᠷᠦ ᠶᠢᠨ ᠵᠠᠬᠢᠷᠭᠠᠨ ᠤ ᠪᠠᠢᠭᠤᠯᠤᠯᠭ᠎ᠠ ᠶᠢᠨ ᠬᠤᠪᠢ ᠪᠠᠷ ᠲᠠᠯ᠎ᠠ ᠨᠤᠭᠤᠳ ᠬᠠᠮᠲᠤ ᠶ᠋ᠢᠨ ᠠᠵᠢᠯᠯᠠᠭᠠᠨ ᠤ ᠵᠠᠷᠴᠢᠮ ᠢᠶᠠᠨ ᠲᠣᠳᠣᠷᠬᠠᠢᠯᠠᠵᠤ ᠂ ᠬᠠᠮᠲᠤ ᠶ᠋ᠢᠨ ᠠᠵᠢᠯᠯᠠᠭᠠᠨ ᠤ ᠰᠠᠨᠠᠮᠵᠢ ᠪᠢᠴᠢᠭ ᠢ ᠪᠠᠢᠭᠤᠯᠤᠨ ᠲᠣᠭᠲᠠᠪᠤᠷᠢᠲᠠᠶ ᠬᠠᠮᠲᠤᠷᠠᠨ ᠠᠵᠢᠯᠯᠠᠬᠤ ᠮᠸᠬᠠᠨᠢᠰᠮ ᠢ ᠪᠤᠢ ᠪᠣᠯᠭᠠᠬᠤ

✓ ᠬᠣᠶᠠᠷ ᠤᠯᠤᠰ ᠤᠨ ᠬᠤᠭᠤᠷᠦᠡᠳᠦ ᠲᠡᠮᠦᠷ ᠵᠠᠮ ᠤᠨ ᠰᠢᠨ᠎ᠡ ᠪᠣᠭᠣᠮᠲᠠ ᠨᠤᠭᠤᠳ ᠨᠡᠭᠡᠭᠡᠭ᠍ᠳᠡᠵᠦ ᠡᠬᠢᠯᠡᠵᠦ ᠪᠤᠢ ᠲᠠᠢ ᠬᠣᠯᠪᠤᠭᠳᠠᠭᠤᠯᠤᠨ 1955 ᠣᠨ ᠤ《ᠮᠣᠩᠭᠣᠯ ᠬᠢᠲᠠᠳ ᠤᠨ ᠬᠢᠯᠢ ᠶᠢᠨ ᠲᠡᠮᠦᠷ ᠵᠠᠮ ᠤᠨ ᠬᠡᠯᠡᠯᠴᠡᠭᠡᠷ》 ᠢ ᠰᠢᠨᠡᠴᠢᠯᠡᠨ ᠪᠡᠢᠭᠤᠯᠬᠤ ᠠᠵᠢᠯ ᠢ ᠡᠷᠴᠢᠮᠵᠢᠭᠦᠯᠵᠦ᠂ ᠢᠷᠡᠬᠦ ᠳᠣᠯᠣᠳᠤᠭᠠᠷ ᠰᠠᠷ᠎ᠠ ᠳᠤ ᠪᠣᠯᠬᠤ ᠭᠤᠷᠪᠠᠨ ᠤᠯᠤᠰ ᠤᠨ ᠲᠡᠭᠡᠭᠡᠪᠦᠷᠢ ᠶᠢᠨ ᠰᠠᠢᠳ ᠨᠠᠷ ᠤᠨ ᠠᠭᠤᠯᠵᠠᠯᠲᠠ ᠶᠢᠨ ᠦᠶ᠎ᠡ ᠪᠠᠷ ᠭᠠᠷ ᠤᠨ ᠦᠰᠦᠭ ᠵᠢᠷᠤᠵᠤ᠂ ᠡᠨᠡ ᠣᠨ ᠳᠤ ᠪᠠᠨ ᠪᠠᠭᠲᠠᠭᠠᠨ ᠡᠴᠦᠰᠯᠡᠨ ᠪᠠᠢᠭᠤᠯᠬᠤ ᠪᠡᠷ ᠲᠣᠬᠢᠷᠠᠯᠴᠠᠯ᠎ᠠ᠃

ᠰᠡᠳᠬᠢᠭᠳᠡᠯ ᠦᠯᠡᠳᠡᠭᠡᠬᠦ