ᠠᠯᠲᠠᠢ ᠬᠣᠲᠠ ᠶᠢᠨ ᠠᠭᠠᠷ ᠤᠨ ᠴᠢᠨᠠᠷ ᠢ ᠬᠢᠨᠠᠬᠤ ᠰᠲ᠋ᠠᠨᠼ ᠲᠠᠢ ᠪᠣᠯᠣᠯ᠎ᠠ | News.MN

ᠠᠯᠲᠠᠢ ᠬᠣᠲᠠ ᠶᠢᠨ ᠠᠭᠠᠷ ᠤᠨ ᠴᠢᠨᠠᠷ ᠢ ᠬᠢᠨᠠᠬᠤ ᠰᠲ᠋ᠠᠨᠼ ᠲᠠᠢ ᠪᠣᠯᠣᠯ᠎ᠠ

ᠭᠣᠪᠢ ᠠᠯᠲᠠᠢ ᠠᠢᠮᠠᠭ ᠤᠨ ᠵᠠᠰᠠᠭ ᠳᠠᠷᠤᠭ᠎ᠠ G᠎· ᠴᠢᠩᠪᠠᠲᠤ ᠶᠢᠨ 《 2024 – 2028 ᠣᠨ ᠤ ᠦᠢᠯᠡ ᠠᠵᠢᠯᠯᠠᠭᠠᠨ ᠤ ᠬᠥᠭ᠍ᠵᠢᠯ ᠤᠨ ᠬᠥᠲᠥᠯᠪᠦᠷᠢ 》᠂ ᠪᠠᠢᠭᠠᠯᠢ ᠣᠷᠴᠢᠨ ᠂ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠰᠠᠢᠳ ᠲᠠᠢ ᠬᠠᠮᠲᠤᠷᠠᠨ ᠠᠵᠢᠯᠯᠠᠬᠤ ᠭᠡᠷ᠎ᠡ ᠶᠢᠨ ᠬᠦᠷᠢᠶᠡᠨ ᠳᠤ ᠠᠢᠮᠠᠭ ᠤᠨ ᠲᠥᠪ ᠠᠯᠲᠠᠢ ᠬᠣᠲᠠ ᠶᠢᠨ ᠠᠭᠠᠷ ᠤᠨ ᠴᠢᠨᠠᠷ ᠢ ᠬᠢᠨᠠᠬᠤ 24 ᠴᠠᠭ ᠤᠨ ᠠᠦ᠋ᠲ᠋ᠣᠮᠠᠲ ᠰᠲ᠋ᠠᠨᠼ ᠲᠠᠢ ᠪᠣᠯᠣᠯ᠎ᠠ ᠃

ᠲᠤᠰ ᠰᠲ᠋ᠠᠨᠼ ᠢ ᠤᠯᠤᠰ ᠤᠨ ᠲᠥᠰᠦᠪ ᠤᠨ ᠬᠥᠷᠥᠩᠭᠡ ᠣᠷᠤᠭᠤᠯᠤᠯᠲᠠ ᠪᠠᠷ ᠣᠷᠴᠢᠨ ᠦᠶ᠎ᠡ ᠶᠢᠨ ᠲᠣᠨᠣᠭ ᠲᠥᠬᠥᠭᠡᠷᠦᠮᠵᠢ ᠪᠡᠷ ᠪᠦᠷᠢᠠ ᠲᠣᠨᠣᠭᠯᠠᠵᠤ ᠂ ᠪᠦᠬᠦᠳᠠ ᠨᠠᠢᠷᠠᠮᠳᠠᠬᠤ ᠰᠣᠯᠤᠩᠭᠤᠰ  ᠤᠯᠤᠰ ᠤᠨ ᠢᠨᠵᠧᠨᠧᠷ᠂ ᠲᠧᠭ᠍ᠨᠢᠭ ᠤᠨ ᠠᠵᠢᠯᠲᠠᠳ ᠤᠨ ᠣᠷᠣᠯᠴᠠᠭ᠎ᠠ ᠲᠠᠢ ᠪᠡᠷ ᠰᠠᠭᠤᠷᠢᠯᠠᠭᠤᠯᠤᠭᠰᠠᠨ ᠪᠡᠢᠨ᠎ᠡ᠃ ᠰᠲ᠋ᠠᠨᠼ ᠠᠰᠢᠭ᠌ᠯᠠᠯᠲᠠ ᠳᠤ ᠣᠷᠣᠭᠰᠠᠨ ᠢᠶᠠᠷ ᠠᠯᠲᠠᠢ ᠬᠣᠲᠠ ᠶᠢᠨ ᠠᠭᠠᠷ ᠲᠡᠬᠢ ᠲᠣᠭᠤᠰᠤᠨᠴᠢᠷ᠂ ᠬᠣᠤᠷᠲᠤ ᠪᠣᠳᠠᠰ ᠤᠨ ᠠᠭᠤᠯᠤᠮᠵᠢ᠂ ᠦᠵᠡᠭᠦᠯᠦᠯᠲᠡ ᠨᠦᠭᠦᠳ ᠢ ᠪᠣᠭᠣᠨᠢ ᠬᠤᠭᠤᠴᠠᠭᠠᠨ ᠳᠤ ᠬᠢᠨᠠᠬᠤ ᠪᠣᠯᠣᠮᠵᠢ ᠪᠦᠷᠢᠳᠬᠦ ᠶᠢᠨ ᠵᠡᠷᠭᠡᠴᠡᠭᠡ ᠢᠷᠭᠡᠳ᠂ ᠣᠯᠠᠨ ᠨᠡᠢᠲᠡ  ᠴᠠᠬᠢᠮ ᠰᠢᠰᠲ᠋ᠧᠮ ᠢᠶᠡᠷ ᠮᠡᠳᠡᠭᠡᠯᠡᠯ  ᠠᠪᠬᠤ ᠪᠣᠯᠣᠮᠵᠢ ᠪᠦᠷᠢᠳᠴᠦ ᠪᠡᠢᠢᠨ᠎ᠡ ᠃

ᠰᠡᠳᠬᠢᠭᠳᠡᠯ ᠦᠯᠡᠳᠡᠭᠡᠬᠦ