ᠪᠧᠯᠭᠢ ᠶᠢᠨ ᠬᠠᠭᠠᠨᠲᠤ ᠤᠯᠤᠰ ᠤᠨ ᠨᠡᠢᠰᠯᠡᠯ ᠳᠤ ᠡᠨᠡ ᠰᠠᠷ᠎ᠠ ᠶᠢᠨ 28 ᠣ ᠡᠳᠦᠷ ᠪᠣᠯᠬᠤ ᠳᠡᠯᠡᠬᠡᠢ ᠶᠢᠨ ᠮᠣᠩᠭᠣᠯᠴᠤᠳ ᠤᠨ ᠨᠠᠭᠠᠳᠤᠮ ᠳᠤ 128 ᠪᠥᠬᠡ᠂ 60 ᠬᠠᠷᠪᠤᠭᠠᠴᠢ ᠂ 31 ᠪᠠᠭ ᠤᠨ 250 ᠣᠷᠴᠢᠮ ᠱᠠᠭ᠎ᠠ ᠬᠠᠷᠪᠤᠭᠠᠴᠢ ᠣᠷᠣᠯᠴᠠᠬᠤ ᠪᠠᠷ ᠮᠡᠳᠡᠭᠦᠯᠵᠡᠢ᠃ ᠬᠢᠯᠢ ᠶᠢᠨ ᠴᠢᠨᠠᠳᠤ ᠳ᠋ᠡᠬᠢ ᠮᠣᠩᠭᠣᠯᠴᠤᠳ ᠡᠮᠦᠨ᠎ᠡ ᠨᠢ ᠦᠨᠳᠦᠰᠦᠨ ᠤ ᠪᠡᠶᠡᠷ ᠨᠠᠭᠠᠳᠤᠮ ᠢᠶᠠᠨ ᠰᠠᠭᠤᠭ᠎ᠠ ᠭᠠᠵᠠᠷ ᠣᠷᠣᠨ ᠳᠤ ᠪᠠᠨ ᠲᠤᠰ ᠲᠤᠰ ᠲᠤ ᠪᠠᠨ ᠲᠡᠮᠳᠡᠭ᠍ᠯᠡᠳᠡᠭ ᠪᠠᠢᠭᠰᠠᠨ ᠪᠣᠯ ᠡᠨᠡ ᠵᠢᠯ ᠠᠩᠬ᠎ᠠ ᠤᠳᠠᠭ᠎ᠠ ᠨᠢᠭᠡ ᠳᠣᠣᠷ᠎ᠠ ᠵᠣᠬᠢᠶᠠᠨ ᠪᠠᠢᠭᠤᠯᠬᠤ ᠭᠡᠵᠦ ᠪᠠᠢᠭ᠎ᠠ ᠶᠤᠮ᠃
ᠶᠡᠷᠦᠩᠬᠡᠢᠢᠯᠡᠭ᠍ᠴᠢ ᠶᠢᠨ ᠢᠪᠡᠭᠡᠯ ᠳ᠋ᠤᠷ ᠵᠣᠬᠢᠶᠠᠨ ᠪᠡᠢᠭᠤᠯᠬᠤ ᠡᠨᠡ ᠨᠠᠭᠠᠳᠤᠮ ᠤᠨ ᠦᠶ᠎ᠡ ᠪᠠᠷ ᠮᠣᠩᠭᠣᠯ ᠪᠠᠷᠠᠭ᠎ᠠ ᠪᠦᠲᠦᠭᠡᠭ᠍ᠳᠡᠬᠦᠨ᠂ ᠬᠣᠭᠣᠯᠠᠨ ᠤ ᠦᠵᠡᠰᠬᠦᠯᠡᠩ ᠬᠤᠳᠠᠯᠳᠤᠭ᠎ᠠ᠂ ᠤᠷᠠᠯᠢᠭ ᠤᠨ ᠲᠣᠭᠯᠠᠯᠲᠠ ᠵᠡᠷᠭᠡ ᠠᠷᠭ᠎ᠠ ᠬᠡᠮᠵᠢᠶ᠎ᠡ ᠶᠢ ᠵᠣᠬᠢᠶᠠᠨ ᠪᠡᠢᠭᠤᠯᠬᠤ ᠪᠢᠯᠡ᠃ ᠮᠣᠩᠭᠣᠯ ᠤᠯᠤᠰ ᠠᠴᠠ ᠬᠢᠯᠢ ᠶᠢᠨ ᠴᠢᠨᠠᠳᠤ ᠳᠤ 250 ᠮᠢᠩᠭ᠎ᠠ ᠣᠷᠴᠢᠮ ᠢᠷᠭᠡᠠ ᠣᠷᠣᠰᠢᠨ ᠰᠠᠭᠤᠵᠤ ᠪᠠᠢᠭ᠎ᠠ ᠠᠴᠠ ᠡᠸᠦ᠋ᠷᠦᠫᠡ ᠶᠢᠨ ᠣᠷᠣᠨ ᠨᠤᠭᠤᠳ ᠲᠤ 85 ᠮᠢᠩᠭ᠎ᠠ ᠨᠢ ᠪᠠᠢᠳᠠᠭ᠃ ᠡᠨᠡ ᠨᠠᠭᠠᠳᠤᠮ ᠢ 2021 ᠣᠨ ᠳᠤ ᠡᠮᠦᠨᠡᠳᠦ ᠰᠣᠯᠣᠩᠭᠣᠰ ᠤᠯᠤᠰ ᠲᠤ ᠬᠢᠬᠦ ᠰᠠᠨᠠᠭᠠᠴᠢᠯᠠᠭ᠎ᠠ ᠶᠢ ᠭᠠᠷᠭᠠᠵᠤ ᠪᠠᠢᠭᠰᠠᠨ ᠪᠣᠯᠪᠠᠴᠤ ᠴᠠᠷ᠎ᠠ ᠲᠠᠬᠤᠯ ᠤᠨ ᠤᠯᠠᠮ ᠠᠴᠠ ᠴᠤᠴᠠᠯᠠᠭᠳᠠᠵᠤ ᠪᠠᠢᠵᠠᠢ᠃