ᠤᠯᠤᠰ ᠤᠨ ᠶᠡᠬᠡ ᠬᠤᠷᠠᠯ ᠤᠨ ᠠᠶᠤᠯᠭᠦᠢ ᠪᠠᠢᠳᠠᠯ ᠂ ᠭᠠᠳᠠᠭᠠᠳᠤ ᠪᠣᠳᠣᠯᠭ᠎ᠠ ᠶᠢᠨ ᠪᠠᠢᠩᠭᠤ ᠶᠢᠨ ᠬᠣᠷᠢᠶᠠᠨ ᠤ ᠳᠠᠷᠤᠭ᠎ᠠ ᠭ᠂ ᠲᠡᠮᠡᠦᠯᠦᠨ ᠶᠡᠬᠡ ᠪᠷᠢᠲ᠋ᠠᠨ ᠤ ᠫᠠᠷᠯᠠᠮᠸᠨ᠋ᠲ ᠲᠡᠬᠢ ᠣᠯᠠᠨ ᠤᠯᠤᠰ ᠤᠨ ᠫᠠᠷᠯᠠᠮᠧᠨ᠋ᠲ ᠤᠨ ᠬᠣᠯᠪᠣᠭ᠎ᠠ ᠲᠠᠢ ᠬᠠᠷᠢᠯᠴᠠᠬᠤ ᠪᠦᠯᠦᠭ ᠦᠨ ᠳᠠᠷᠤᠭ᠎ᠠ ᠹᠠᠪᠢᠶᠠᠨ ᠬᠠᠮᠯᠢᠲ᠋ᠤᠨ ᠲᠡᠷᠢᠭᠦᠲᠡᠢ ᠲᠥᠯᠥᠭᠡᠯᠡᠭ᠍ᠴᠢᠳ ᠢ ᠡᠨᠡ ᠰᠠᠷ᠎ᠠ ᠶᠢᠨ 24 ᠳᠤ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠳᠤ ᠤᠯᠤᠰ ᠤᠨ ᠶᠡᠬᠡ ᠬᠤᠷᠠᠯ ᠤᠨ ᠭᠡᠰᠢᠭᠦᠨ ᠬᠣᠣᠰᠪᠠᠶᠠᠷ ᠪᠠᠢᠯᠴᠠᠪᠠ ᠃
ᠠᠭᠤᠯᠵᠠᠯᠲᠠ ᠶᠢᠨ ᠦᠶ᠎ᠡ ᠪᠠᠷ ᠶᠡᠭᠡ ᠪᠷᠢᠲ᠋ᠠᠨ ᠤ ᠨᠡᠢᠲᠡ ᠶᠢᠨ ᠲᠠᠩᠬᠢᠮ ᠤᠨ ᠪᠠᠲᠤᠯᠠᠨ ᠬᠠᠮᠠᠭᠠᠯᠠᠬᠤ ᠶᠢᠨ ᠪᠠᠢᠩᠭᠤ ᠶᠢᠨ ᠬᠣᠷᠢᠶᠠᠨ ᠤ ᠳᠠᠷᠤᠭ᠎ᠠ ᠲᠡᠡᠭ ᠳ᠋ᠸᠰᠢ᠂ ᠭᠠᠳᠠᠭᠠᠳᠤ ᠪᠣᠳᠣᠯᠭ᠎ᠠ ᠶᠢᠨ ᠪᠠᠢᠩᠭᠤ ᠶᠢᠨ ᠬᠣᠷᠢᠶᠠᠨ ᠤ ᠭᠡᠰᠢᠭᠦᠨ ᠹᠢᠯ ᠪᠷᠢᠺᠧᠯᠯ ᠠᠶᠤᠯᠭᠦᠢ ᠪᠠᠢᠳᠠᠯ᠂ ᠭᠠᠳᠠᠭᠠᠳᠤ ᠪᠣᠳᠣᠯᠭ᠎ᠠ ᠶᠢᠨ ᠪᠠᠢᠩᠭᠤ ᠶᠢᠨ ᠬᠣᠷᠢᠶᠠᠨ ᠤ ᠡᠷᠬᠢᠯᠡᠬᠦ ᠠᠰᠠᠭᠤᠳᠠᠯ ᠪᠣᠯᠣᠭᠠᠳ ᠮᠣᠩᠭᠣᠯ ᠤᠯᠤᠰ ᠤᠨ ᠪᠠᠲᠤᠯᠠᠨ ᠬᠠᠮᠡᠭᠠᠯᠡᠬᠤ ᠰᠠᠯᠪᠤᠷᠢ ᠶᠢᠨ ᠪᠣᠳᠤᠯᠭ᠎ᠠ ᠂ ᠠᠶᠤᠯ ᠦᠭᠡᠶ ᠪᠠᠢᠳᠠᠯ ᠂ ᠲᠤᠰ ᠰᠠᠯᠪᠤᠷᠢ ᠶᠢᠨ ᠬᠥᠷᠥᠩᠭᠡ ᠣᠷᠤᠭᠤᠯᠤᠯᠲᠠ ᠤᠯᠤᠰ ᠤᠨ ᠲᠥᠰᠦᠪ ᠤᠨ ᠬᠡᠳᠦᠨ ᠬᠤᠪᠢ ᠶᠢ ᠡᠵᠡᠯᠡᠳᠡᠭ ᠲᠠᠯ᠎ᠠ ᠪᠠᠷ ᠲᠣᠳᠣᠷᠠᠭᠤᠯᠵᠤ ᠂ ᠮᠥᠨ ᠬᠦᠷᠰᠢ ᠣᠷᠣᠨ ᠨᠤᠭᠤᠳ ᠪᠣᠯᠣᠭᠠᠳ ᠭᠤᠷᠪᠠᠳᠠᠭ᠌ᠴᠢ ᠬᠦᠷᠰᠢ ᠣᠷᠣᠨ ᠤ ᠪᠣᠳᠣᠯᠭ᠎ᠠ ᠶᠢᠨ ᠲᠠᠯᠠᠭᠠᠷ ᠳᠡᠯᠭᠡᠷᠡᠩᠭᠦᠢ ᠶᠠᠷᠢᠯᠴᠠᠯ᠎ᠠ ᠃