ᠪᠦᠬᠦᠳᠠ ᠨᠠᠢᠷᠠᠮᠳᠠᠬᠤ ᠰᠣᠯᠣᠩᠭᠣᠰ ᠤᠯᠤᠰ ᠤᠨ ᠺᠶᠤᠨᠰᠡᠨᠪᠦ᠋ᠭ ᠮᠤᠵᠢ ᠶᠢᠨ ᠰᠡᠷᠭᠦᠭᠡᠭ᠍ᠳᠡᠬᠦ ᠡᠷᠴᠢᠮ ᠬᠦᠴᠦᠨ ᠤ ᠭᠠᠵᠠᠷ ᠤᠨ ᠳᠠᠷᠤᠭ᠎ᠠ ᠬᠤᠨ ᠰᠣᠺ ᠫᠢᠶᠤ᠋᠂ ᠳᠡᠳ᠋ ᠳᠠᠷᠤᠭ᠎ᠠ ᠳ᠋ᠦ᠋ ᠮᠥᠨ ᠲᠧᠺ᠂ ᠭᠠᠳᠠᠭᠠᠳᠤ ᠬᠠᠷᠢᠯᠴᠠᠭᠠᠨ ᠤ ᠬᠡᠯᠲᠡᠰ ᠦᠨ ᠳᠠᠷᠤᠭ᠎ᠠ ᠰᠤᠨ ᠶᠤᠯ ᠯᠠᠺ ᠪᠤᠯᠦᠠ ᠲᠥᠰᠥᠯ ᠬᠡᠷᠡᠭ᠍ᠵᠢᠭᠦᠯᠦᠭ᠍ᠴᠢ ᠺᠣᠮᠫᠠᠨᠢ ᠶᠢᠨ ᠲᠥᠯᠦᠭᠡᠯᠡᠯ ᠬᠥᠪᠰᠥᠬᠥᠯ ᠠᠢᠮᠠᠭ ᠲᠤ ᠠᠵᠢᠯᠯᠠᠯ᠎ᠠ ᠃
ᠲᠡᠳᠡᠨ ᠢ ᠬᠥᠪᠰᠥᠬᠥᠯ ᠠᠢᠮᠠᠭ ᠤᠨ ᠢᠷᠭᠡᠳ ᠤᠨ ᠲᠥᠯᠥᠭᠡᠯᠡᠭ᠍ᠴᠢᠳ ᠤᠨ ᠬᠤᠷᠠᠯ ᠤᠨ ᠳᠠᠷᠤᠭ᠎ᠠ ᠳ· ᠫᠦᠷᠪᠦᠳᠣᠷᠵᠢ᠂ ᠠᠢᠮᠠᠭ ᠤᠨ ᠵᠠᠰᠠᠭ ᠳᠠᠷᠤᠭ᠎ᠠ ᠯ· ᠲᠡᠮᠦᠷᠪᠠᠭᠠᠲᠤᠷ᠂《 ᠬᠥᠪᠰᠥᠬᠥᠯ ᠳᠤᠯᠠᠭᠠᠨ ᠤ ᠰᠲ᠋ᠠᠨᠼ 》 ᠺᠣᠮᠫᠠᠨᠢ ᠶᠢᠨ ᠵᠠᠬᠢᠷᠤᠯ ᠫ᠊· ᠰᠠᠨᠯᠢᠭ᠌ᠷᠢᠨᠴᠢᠨ ᠨᠠᠷ ᠬᠦᠯᠢᠶᠡᠨ ᠠᠪᠴᠤ ᠠᠭᠤᠯᠵᠠᠨ ᠬᠠᠮᠲᠤ ᠶ᠋ᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠪᠠ᠃
ᠠᠭᠤᠯᠵᠠᠯᠲᠠ ᠶᠢᠨ ᠦᠶ᠎ᠡ ᠪᠠᠷ ᠡᠳ᠋ ᠦᠨ ᠵᠠᠰᠠᠭ ᠤᠨ ᠦᠷ᠎ᠡ ᠠᠰᠢᠭ ᠪᠤᠯᠦᠠ ᠴᠠᠭᠠᠰᠢᠳᠠ ᠶᠢᠨ ᠬᠠᠮᠲᠤ ᠶ᠋ᠢᠨ ᠠᠵᠢᠯᠯᠠᠭᠠᠨ ᠤ ᠪᠣᠯᠣᠮᠵᠢ᠂ ᠴᠢᠭ᠍ᠯᠡᠯ ᠦᠨ ᠲᠠᠯ᠎ᠠ ᠪᠠᠷ ᠳᠡᠯᠭᠡᠷᠡᠩᠭᠦᠢ ᠶᠠᠷᠢᠯᠴᠠᠵᠤ᠂ ᠰᠡᠷᠭᠦᠭᠡᠭ᠍ᠳᠡᠬᠦ ᠡᠷᠴᠢᠮ ᠬᠦᠴᠦᠨ ᠤ ᠰᠠᠯᠪᠤᠷᠢ ᠳᠤ ᠲᠤᠷᠰᠢᠯᠭ᠎ᠠ ᠰᠣᠯᠢᠯᠴᠠᠬᠤ᠂ ᠬᠠᠮᠲᠤᠷᠠᠨ ᠠᠵᠢᠯᠯᠠᠬᠤ ᠠᠵᠢᠯ ᠤᠳ ᠢ ᠬᠡᠷᠡᠭ᠍ᠵᠢᠭᠦᠯᠵᠦ ᠡᠬᠢᠯᠡᠬᠦ ᠪᠡᠷ ᠪᠣᠯᠣᠯ᠎ᠠ ᠃