ᠮᠣᠩᠭᠣᠯ ᠣᠶᠤᠲᠠᠨ ᠰᠤᠷᠤᠭ᠌ᠴᠢᠳ ᠤᠨ ᠵᠤᠨ ᠤ ᠠᠮᠠᠷᠠᠯᠲᠠ ᠶᠢᠨ ᠪᠣᠭᠣᠨᠢ ᠬᠤᠭᠤᠴᠠᠭᠠᠨ ᠤ ᠰᠤᠷᠭᠠᠯᠲᠠ ᠶᠢᠨ ᠬᠥᠲᠥᠯᠪᠦᠷᠢ ᠶᠢᠨ ᠬᠦᠷᠢᠶᠡᠨ ᠳᠤ ᠠᠷᠤᠬᠠᠩᠭᠠᠢ ᠠᠢᠮᠠᠭ ᠤᠨ ᠬᠡᠦᠬᠡᠳ ᠦᠳ ᠦᠨ ᠲᠥᠯᠦᠭᠡᠯᠡᠯ ᠪᠦᠬᠦᠳᠠ ᠨᠠᠢᠢᠷᠠᠮᠳᠠᠬᠤ ᠰᠣᠯᠤᠩᠭᠤᠰ ᠤᠯᠤᠰ ᠤᠨ ᠺᠸᠠᠨᠵᠤ ᠡᠮᠡᠭ᠍ᠲᠡᠢᠴᠦᠳ ᠤᠨ ᠶᠡᠭᠡ ᠰᠤᠷᠭᠠᠭᠤᠯᠢ ᠳᠤ ᠰᠤᠷᠤᠭ᠌ᠴᠢ ᠰᠣᠯᠢᠯᠴᠠᠭᠠᠨ ᠤ ᠬᠦᠲᠦᠯᠪᠦᠷᠢ ᠳᠤ ᠬᠠᠮᠤᠷᠤᠭᠳᠠᠵᠠᠢ ᠃
ᠰᠤᠷᠤᠭ᠌ᠴᠢᠳ ᠰᠤᠷᠭᠠᠭᠤᠯᠢ ᠶᠢᠨ ᠮᠡᠷᠭᠡᠵᠢᠯ ᠤᠨ ᠬᠥᠲᠥᠯᠪᠦᠷᠢ ᠨᠤᠭᠦᠳ ᠲᠠᠢ ᠲᠠᠨᠢᠯᠴᠠᠵᠤ ᠂ ᠰᠡᠦᠡᠬᠢᠯ ᠰᠤᠳᠤᠯᠤᠯ ᠂ ᠠᠩᠭ᠍ᠯᠢ ᠬᠡᠯᠡ ᠂ ᠣᠩᠭᠤᠴᠠᠨ ᠤ ᠦᠢᠯᠡᠴᠢᠯᠡᠭᠡᠨ ᠤ ᠲᠢᠩᠬᠢᠮ ᠂ ᠭᠤᠸ᠎ᠠ ᠰᠠᠢᠬᠠᠨ ᠤ ᠪᠦᠲᠦᠭᠡᠭ᠍ᠳᠡᠬᠦᠨ ᠦᠢᠯᠡᠳᠪᠦᠷᠢᠯᠡᠯ ᠤᠨ ᠲᠤᠷᠰᠢᠯᠲᠠ ᠶᠢᠨ ᠬᠢᠴᠢᠶᠡᠯ ᠳᠦ ᠣᠷᠣᠯᠴᠠᠭᠰᠠᠨ ᠪᠡᠢᠨ᠎ᠡ ᠃ ᠡᠨᠡ ᠤᠳᠠᠭ᠎ᠠ ᠶᠢᠨ ᠬᠦᠲᠦᠯᠪᠦᠷᠢ ᠳᠦ ᠠᠷᠤᠬᠠᠩᠭᠠᠢ ᠡᠴᠡ ᠭᠠᠳᠠᠨ᠎ᠠ ᠬᠣᠪᠳᠤ᠂ ᠪᠠᠶᠠᠨ ᠥᠯᠥᠭᠡᠶ᠂ ᠤᠯᠠᠭᠠᠨᠪᠠᠭᠠᠲᠤᠷ ᠬᠣᠲᠠ ᠶᠢᠨ ᠨᠡᠢᠲᠡ 33 ᠬᠡᠦᠬᠡᠳ ᠢ ᠬᠠᠮᠤᠷᠤᠭᠤᠯᠵᠠᠢ᠃