ᠮᠣᠩᠭᠣᠯ ᠤᠯᠤᠰ ᠤᠨ ᠶᠡᠷᠦᠩᠬᠡᠢᠯᠡᠭᠴᠢ ᠤ᠊ ∙ ᠬᠦᠷᠡᠯᠰᠦ᠋ᠬᠡ 《ᠬᠦᠨᠡᠰᠦᠨ ᠦ ᠬᠠᠩᠭᠠᠮᠵᠢ᠂ ᠠᠶᠤᠯᠭᠦᠢ ᠪᠠᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠦ ᠦᠨᠳᠦᠰᠦᠨ ᠦ ᠦᠢᠯᠡᠳᠪᠦᠷᠢᠯᠡᠭᠴᠢ ᠠᠵᠤ ᠠᠬᠤᠢ ᠶᠢᠨ ᠨᠢᠭᠡᠴᠡ ᠨᠦᠭᠦᠳ ᠲᠦ ᠠᠵᠢᠯᠯᠠᠯ᠎ᠠ᠃
《ᠲᠦᠮᠡᠨ ᠰᠢᠪᠠᠭᠤᠳᠤ》ᠺᠣᠮᠫᠠᠨᠢ ᠤᠷᠲᠤ ᠬᠤᠭᠤᠴᠠᠭ᠎ᠠ ᠲᠠᠢ᠂ ᠬᠥᠩᠭᠡᠯᠡᠯᠲᠡ ᠲᠡᠢ ᠵᠢᠭᠡᠯᠡ ᠠᠪᠴᠤ᠂ ᠥᠩᠭᠡᠷᠡᠭᠰᠡᠨ ᠣᠨ ᠳᠤ 《ᠲᠦᠮᠡᠨ ᠰᠢᠪᠠᠭᠤᠳᠤ-2》ᠦᠢᠯᠡᠳᠪᠦᠷᠢ ᠪᠡᠨ ᠠᠰᠢᠭᠯᠠᠯᠲᠠ ᠳᠤ ᠣᠷᠣᠭᠤᠯᠤᠨ᠂ ᠳᠠᠷᠠᠭ᠎ᠠ ᠶᠢᠨ ᠦᠢᠯᠡᠳᠪᠦᠷᠢ ᠪᠡᠨ ᠪᠠᠷᠢᠵᠤ ᠪᠠᠢᠨ᠎ᠠ᠃ ᠡᠨᠡ ᠣᠨ ᠳᠤ 170 ᠰᠠᠶ᠎ᠠ᠂ ᠢᠷᠡᠬᠦ ᠵᠢᠯ 250 ᠰᠠᠶ᠎ᠠ ᠰᠢᠷᠬᠡᠭ ᠥᠨᠳᠡᠭᠡ ᠦᠢᠯᠡᠳᠪᠦᠷᠢᠯᠡᠬᠦ ᠪᠥᠭᠡᠳ ᠡᠨᠡ ᠨᠢ ᠳᠣᠲᠣᠭᠠᠳᠤ ᠶᠢᠨ ᠵᠠᠬ᠎ᠠ ᠵᠡᠭᠡᠯᠢ ᠶᠢᠨ 40 ᠬᠤᠪᠢ ᠭᠡᠰᠡᠨ ᠦᠭᠡ ᠶᠤᠮ᠃ 2026 ᠣᠨ ᠳᠤ ᠪᠦᠷᠢᠨ ᠬᠦᠴᠦᠨ ᠴᠢᠳᠠᠯ ᠢᠶᠠᠷ ᠢᠶᠠᠨ ᠠᠵᠢᠯᠯᠠᠵᠤ 50 ᠬᠤᠪᠢ ᠬᠠᠩᠭᠠᠬᠤ ᠶᠤᠮ᠃ ᠲᠤᠰ ᠺᠣᠮᠫᠠᠨᠢ ᠶᠢᠨ 《 ᠠᠭᠷᠤᠹᠢᠳ᠋》ᠦᠢᠯᠡᠳᠪᠦᠷᠢ ᠲᠠᠬᠢᠶᠠᠨ ᠤ ᠪᠣᠯᠤᠨ ᠮᠠᠯ᠂ ᠠᠮᠢᠲᠠᠨ ᠤ ᠲᠡᠵᠢᠭᠡᠯ ᠦᠢᠯᠡᠳᠪᠦᠷᠢᠯᠡᠵᠦ᠂ 21 ᠠᠢᠮᠠᠭ ᠤᠨ ᠰᠢᠪᠠᠭᠤᠨ ᠤ 25 ᠠᠵᠤ ᠠᠬᠤᠢ ᠶᠢ ᠲᠡᠵᠢᠭᠡᠯ ᠢᠶᠡᠷ ᠬᠠᠩᠭᠠᠵᠤ ᠪᠠᠢᠨ᠎ᠠ᠃ ᠡᠨᠡ ᠣᠨ ᠳᠤ 40 ᠮᠢᠩᠭ᠎ᠠ᠂ ᠢᠷᠡᠬᠦ ᠵᠢᠯ 55 ᠮᠢᠩᠭᠠᠨ ᠲᠣᠨ ᠲᠡᠵᠢᠭᠡᠯ ᠦᠢᠯᠡᠳᠪᠦᠷᠢᠯᠡᠬᠦ ᠶᠤᠮ᠃
2022 ᠣᠨ ᠠᠴᠠ ᠬᠡᠷᠡᠭᠵᠢᠵᠦ ᠡᠬᠢᠯᠡᠭᠰᠡᠨ ᠭᠣᠣᠯ ᠨᠡᠷ᠎ᠡ ᠲᠥᠷᠥᠯ ᠦᠨ 19 ᠪᠦᠲᠦᠭᠡᠭᠳᠡᠬᠦᠨ ᠢᠶᠡᠷ ᠳᠣᠲᠣᠭᠠᠳᠤ ᠶᠢᠨ ᠬᠡᠷᠡᠭᠴᠡᠭᠡ ᠪᠡᠨ ᠬᠠᠩᠭᠠᠬᠤ ᠵᠣᠷᠢᠯᠲᠠ ᠳᠡᠪᠰᠢᠭᠦᠯᠦᠭᠰᠡᠨ《ᠬᠦᠨᠡᠰᠦᠨ ᠦ ᠬᠠᠩᠭᠠᠮᠵᠢ᠂ ᠠᠶᠤᠯᠭᠦᠢ ᠪᠠᠢᠳᠠᠯ》 ᠦᠨᠳᠦᠰᠦᠨ ᠦ ᠬᠥᠳᠡᠯᠭᠡᠭᠡᠨ ᠦ ᠦᠷ᠎ᠡ ᠳ᠋ᠦᠩ ᠳᠦ ᠠᠵᠤ ᠠᠬᠤᠢ ᠶᠢᠨ ᠨᠢᠭᠡᠴᠡ ᠶᠢᠨ ᠲᠣᠭ᠎ᠠ᠂ ᠬᠦᠴᠦᠨ ᠴᠢᠳᠠᠯ᠂ ᠲᠣᠨᠣᠭ ᠲᠥᠬᠥᠭᠡᠷᠦᠮᠵᠢ ᠨᠢ ᠰᠠᠢᠵᠢᠷᠠᠵᠤ᠂ ᠡᠨᠡ ᠬᠢᠷᠢ ᠪᠡᠷ ᠦᠢᠯᠡᠳᠪᠦᠷᠢᠯᠡᠯ ᠨᠡᠮᠡᠭᠳᠡᠭᠰᠡᠨ ᠶᠤᠮ᠃



