ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠠᠴᠠ ᠪᠢᠱᠺᠸᠺ ᠬᠣᠲᠠᠨ᠎ᠠ 2025 ᠣᠨ ᠤ ᠳᠣᠯᠣᠳᠤᠭᠠᠷ ᠰᠠᠷ᠎ᠠ ᠶᠢᠨ 21 ᠳᠦ ᠭᠠᠷ ᠤᠨ ᠦᠰᠦᠭ ᠵᠢᠷᠤᠭᠰᠠᠨ 《ᠵᠢᠯᠤᠭᠤᠳᠬᠤ ᠡᠷᠬᠡ ᠶᠢᠨ ᠦᠨᠡᠮᠯᠡᠬᠦ ᠶᠢ ᠬᠠᠷᠢᠯᠴᠠᠨ ᠬᠦᠯᠢᠶᠡᠨ ᠵᠦᠪᠰᠢᠶᠡᠷᠡᠬᠦ᠂ ᠰᠤᠯᠢᠯᠴᠠᠬᠤ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠷᠠᠮᠳᠠᠬᠤ ᠺᠢᠷᠭᠢᠽ ᠤᠯᠤᠰ ᠤᠨ ᠰᠠᠢᠳ ᠨᠠᠷ ᠤᠨ ᠲᠠᠩᠬᠢᠮ ᠬᠣᠭᠣᠷᠣᠨᠳᠣ ᠶᠢᠨ ᠬᠡᠯᠡᠯᠴᠡᠭᠡᠷ》 ᠢ ᠬᠡᠯᠡᠯᠴᠡᠨ ᠪᠠᠲᠤᠯᠠᠯ᠎ᠠ᠃
ᠬᠡᠯᠡᠯᠴᠡᠭᠡᠷ ᠨᠢ ᠨᠡᠢᠲᠡ 11 ᠵᠦᠢᠯ ᠪᠦᠬᠦᠢ ᠮᠣᠩᠭᠣᠯ᠂ ᠺᠢᠷᠭᠢᠽ᠂ ᠠᠩᠭ᠍ᠯᠢ᠂ ᠣᠷᠣᠰ ᠬᠡᠯᠡᠨ ᠦᠨ ᠡᠬᠡ ᠪᠢᠴᠢᠪᠦᠷᠢ ᠡᠴᠡ ᠪᠥᠷᠢᠳᠬᠦ ᠪᠥᠭᠡᠳ ᠬᠣᠶᠠᠷ ᠤᠯᠤᠰ ᠤᠨ ᠢᠷᠭᠡᠳ ᠥᠪᠡᠷ ᠦᠨ ᠵᠢᠯᠣᠭᠣᠳᠬᠤ ᠡᠷᠬᠡ ᠶᠢᠨ ᠦᠨᠡᠮᠯᠡᠬᠦ ᠪᠡᠨ ᠨᠥᠭᠥᠭᠡ ᠤᠯᠤᠰ ᠤᠨ ᠵᠢᠯᠤᠭᠤᠳᠬᠤ ᠡᠷᠬᠡ ᠶᠢᠨ ᠦᠨᠡᠮᠯᠡᠬᠦ ᠪᠡᠷ ᠰᠣᠯᠢᠬᠤ ᠬᠦᠰᠡᠯᠲᠡ ᠪᠡᠨ ᠭᠠᠷᠭᠠᠬᠤ ᠳᠤ ᠪᠠᠨ ᠪᠦᠷᠢᠳᠦᠭᠦᠯᠬᠦ ᠮᠠᠲ᠋ᠧᠷᠢᠶᠠᠯ᠂ ᠡᠷᠬᠡ ᠪᠦᠬᠦᠢ ᠪᠠᠢᠭᠤᠯᠤᠯᠭ᠎ᠠ ᠠᠴᠠ ᠳᠣᠲᠣᠭᠠᠳᠤ ᠶᠢᠨ ᠬᠠᠤᠯᠢ ᠲᠣᠭᠲᠠᠭᠠᠮᠵᠢ ᠳᠤ ᠵᠢᠭᠠᠭᠰᠠᠨ ᠤ ᠳᠠᠭᠠᠤ ᠬᠦᠰᠡᠯᠲᠡ ᠶᠢ ᠬᠦᠯᠢᠶᠡᠨ ᠠᠪᠴᠤ ᠬᠡᠷᠡᠭᠵᠢᠭᠦᠯᠬᠦ᠂ ᠬᠠᠷᠢᠯᠴᠠᠬᠤ ᠬᠡᠯᠡ᠂ ᠬᠠᠷᠢᠯᠴᠠᠬᠤ ᠪᠠᠢᠭᠤᠯᠤᠯᠭ᠎ᠠ ᠭᠡᠬᠦ ᠵᠡᠷᠭᠡ ᠠᠰᠠᠭᠤᠳᠠᠯ ᠢ ᠲᠤᠰᠬᠠᠭᠰᠠᠨ ᠪᠠᠢᠨ᠎ᠠ᠃



