ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠮᠣᠩᠭᠣᠯ ᠤᠯᠤᠰ ᠤᠨ ᠶᠡᠷᠦᠩᠬᠡᠢᠯᠡᠭ᠍ᠴᠢ ᠣ᠊ ∙ ᠬᠦᠷᠡᠯᠰᠦ᠋ᠬᠡ ᠳᠦ ᠢᠷᠡᠭᠦᠯᠦᠭ᠍ᠰᠡᠨ ᠵᠠᠬᠢᠳᠠᠯ ᠳᠤ ᠪᠠᠨ᠂ ᠮᠣᠩᠭᠣᠯ ᠤᠯᠤᠰ ᠤᠨ ᠶᠡᠷᠦᠩᠬᠡᠢᠯᠡᠭ᠍ᠴᠢ ᠲᠠᠢ ᠰᠠᠶ᠋ᠢᠬᠠᠨ ᠲᠢᠶᠠᠨᠵᠢᠨ ᠪᠣᠯᠣᠨ ᠪᠡᠭᠡᠵᠢᠩ ᠬᠣᠲᠠ ᠳᠤ ᠬᠢᠭ᠍ᠰᠡᠨ ᠠᠭᠤᠯᠵᠠᠯᠲᠠ ᠦᠷ᠎ᠡ ᠳ᠋ᠦᠩ ᠲᠠᠢ ᠪᠣᠯᠤᠭᠰᠠᠨ ᠢ ᠣᠨᠴᠠᠯᠠᠭᠰᠠᠨ ᠪᠠᠢᠨ᠎ᠠ᠃
ᠮᠣᠩᠭᠣᠯ ᠤᠯᠤᠰ ᠤᠨ ᠶᠡᠷᠦᠩᠬᠡᠢᠯᠡᠭ᠍ᠴᠢ ᠣ᠊∙ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠪᠠᠢᠭᠤᠯᠤᠭᠳᠠᠭᠰᠠᠨ ᠤ 76 ᠵᠢᠯ ᠦᠨ ᠣᠢ ᠶᠢ ᠲᠣᠬᠢᠶᠠᠯᠳᠤᠭᠤᠯᠤᠨ ᠲᠤᠰ ᠤᠯᠤᠰ ᠤᠨ ᠳᠠᠷᠤᠭ᠎ᠠ ᠰᠢ ᠵᠢᠨ ᠫᠢᠩ ᠳᠤ ᠪᠠᠶᠠᠷ ᠤᠨ ᠵᠠᠬᠢᠳᠠᠯ ᠢᠯᠡᠭᠡᠭ᠍ᠰᠡᠨ ᠶᠤᠮ᠃ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠬᠠᠷᠢᠭᠤ ᠵᠠᠬᠢᠳᠠᠯ ᠳᠤ ᠪᠠᠨ᠄ ᠬᠢᠲᠠᠳ᠂ ᠮᠣᠩᠭᠣᠯ ᠬᠣᠶᠠᠷ ᠤᠯᠤᠰ ᠨᠢ ᠴᠢᠬᠤᠯᠠ ᠬᠥᠷᠰᠢ ᠪᠢᠯᠡ᠃ ᠰᠡᠭᠦᠯ ᠦᠨ ᠵᠢᠯ ᠦᠳ ᠲᠦ ᠬᠣᠶᠠᠷ ᠤᠯᠤᠰ ᠤᠨ ᠬᠠᠷᠢᠯᠴᠠᠭ᠎ᠠ ᠪᠦᠭᠦ ᠰᠠᠯᠪᠤᠷᠢ ᠳᠤ ᠤᠯᠠᠮ ᠢᠳᠡᠪᠬᠢᠵᠢᠵᠦ᠂ ᠬᠠᠮᠲᠤᠷᠠᠭᠰᠠᠨ ᠴᠢᠬᠤᠯᠠ ᠲᠥᠰᠥᠯ ᠦᠳ ᠠᠮᠵᠢᠯᠲᠠᠲᠠᠢ ᠬᠡᠷᠡᠭ᠍ᠵᠢᠵᠦ᠂ ᠤᠯᠠᠮᠵᠢᠯᠠᠯᠲᠤ ᠨᠠᠢᠢᠷᠠᠮᠳᠠᠯ ᠤᠯᠠᠮ ᠪᠦᠷ ᠪᠡᠬᠢᠵᠢᠭ᠍ᠰᠡᠭᠡᠷ ᠪᠠᠢᠨ᠎ᠠ》 ᠭᠡᠳᠡᠭ ᠢ ᠣᠨᠴᠠᠯᠠᠨ ᠲᠡᠮᠳᠡᠭ᠍ᠯᠡᠵᠡᠢ᠃
ᠮᠥᠨ᠄ ᠮᠢᠨᠤ ᠪᠡᠶ᠎ᠡ ᠲᠠᠨ ᠲᠠᠢ ᠬᠠᠮᠲᠤ ᠬᠦᠴᠦᠨ ᠴᠢᠷᠮᠠᠢᠯᠲᠠ ᠭᠠᠷᠭᠠᠵᠤ᠂ ᠰᠲᠷᠠᠲ᠋ᠧᠭᠢ ᠶᠢᠨ ᠬᠠᠷᠢᠯᠴᠠᠨ ᠢᠲᠡᠭᠡᠯᠴᠡᠯ ᠢᠶᠡᠨ ᠪᠡᠬᠢᠵᠢᠭᠦᠯᠦᠨ᠂ ᠬᠥᠭ᠍ᠵᠢᠯ ᠦᠨ ᠤᠶᠠᠯᠳᠤᠭ᠎ᠠ ᠶᠢ ᠭᠦᠨᠵᠡᠭᠡᠢᠷᠡᠭᠦᠯᠵᠦ᠂ ᠠᠷᠠᠳ ᠲᠦᠮᠡᠨ ᠦ ᠬᠠᠷᠢᠯᠴᠠᠨ ᠣᠢᠯᠠᠭᠠᠯᠴᠠᠯ ᠢ ᠨᠡᠮᠡᠭ᠍ᠳᠡᠭᠦᠯᠵᠦ᠂ ᠬᠢᠲᠠᠳ᠂ ᠮᠣᠩᠭᠣᠯ ᠤᠨ ᠬᠠᠮᠲᠤ ᠶᠢᠨ ᠢᠷᠡᠭᠡᠳᠦᠢ ᠶᠢᠨ ᠨᠡᠢᠭᠡᠮᠯᠢᠭ ᠦᠨ ᠪᠦᠲᠦᠭᠡᠨ ᠪᠠᠢᠭᠤᠯᠤᠯᠲᠠ ᠶᠢ ᠬᠤᠷᠳᠤᠰᠬᠠᠨ᠂ ᠬᠣᠶᠠᠷ ᠤᠯᠤᠰ ᠤᠨ ᠢᠵᠢ ᠪᠦᠷᠢᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭᠠᠨ ᠳᠤ ᠰᠢᠨ᠎ᠡ ᠬᠥᠳᠡᠯᠭᠡᠭ᠍ᠴᠢ ᠬᠦᠴᠦ ᠪᠦᠷᠢᠳᠦᠭᠦᠯᠬᠦ ᠶᠢᠨ ᠲᠥᠯᠥᠭᠡ ᠪᠠᠢᠨ᠎ᠠ》 ᠭᠡᠵᠡᠢ᠃




Нэргүй 2025-10-31 133.32.130.61
hitad bol hitad shuu.