ᠤᠯᠤᠰ ᠤᠨ ᠬᠡᠮᠵᠢᠶᠡᠨ ᠳᠦ ᠲᠡᠦᠬᠡ᠂ ᠰᠤᠶᠤᠯ ᠤᠨ ᠳᠤᠷᠠᠰᠬᠠᠯᠲᠤ ᠵᠦᠢᠯ᠂ ᠤᠷᠠᠯᠢᠭ ᠤᠨ ᠪᠦᠲᠦᠭᠡᠯ ᠢᠶᠡᠷ ᠳᠠᠮᠵᠢᠭᠤᠯᠤᠨ ᠬᠡᠦᠬᠡᠳ᠂ ᠵᠠᠯᠠᠭᠤᠴᠤᠳ ᠪᠣᠯᠤᠨ ᠭᠡᠷ ᠪᠦᠯᠢ ᠶᠢᠨ ᠭᠡᠰᠢᠭᠦᠳ ᠦᠨ ᠬᠠᠮᠲᠤ ᠶᠢᠨ ᠣᠷᠣᠯᠴᠠᠭ᠎ᠠ ᠶᠢ ᠨᠡᠮᠡᠭᠳᠡᠭᠦᠯᠬᠦ᠂ ᠦᠨᠳᠦᠰᠦᠨ ᠦ ᠪᠠᠬᠠᠷᠬᠠᠯ᠂ ᠡᠬᠡ ᠣᠷᠣᠨᠴᠢ ᠦᠵᠡᠯ ᠢ ᠲᠥᠯᠦᠪᠰᠢᠭᠦᠯᠬᠦ ᠵᠣᠷᠢᠯᠭ᠎ᠠ ᠪᠠᠷ 《ᠮᠦᠽᠧᠢ ᠶᠢᠨ ᠨᠡᠭᠡᠭᠡᠯᠲᠡ ᠲᠡᠢ ᠡᠳᠦᠷ ᠦᠳ 2026》 ᠠᠷᠭ᠎ᠠ ᠬᠡᠮᠵᠢᠶ᠎ᠡ ᠶᠢ ᠭᠤᠷᠪᠠᠳᠤᠭᠠᠷ ᠰᠠᠷ᠎ᠠ ᠶᠢᠨ 1 - 7 ᠤ ᠡᠳᠦᠷ ᠦᠳ ᠲᠦ ᠵᠣᠬᠢᠶᠠᠨ ᠪᠠᠢᠭᠤᠯᠪᠠ᠃
21 ᠠᠢᠮᠠᠭ ᠲᠤ ᠦᠢᠯᠡ ᠠᠵᠢᠯᠯᠠᠭ᠎ᠠ ᠶᠠᠪᠤᠭᠤᠯᠳᠠᠭ ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠶᠢᠨ ᠪᠦᠬᠦ ᠮᠦᠽᠧᠢ ᠪᠠᠢᠩᠭᠤ ᠶᠢᠨ ᠦᠵᠡᠮᠦᠷᠢ ᠪᠠᠨ ᠢᠷᠭᠡᠳ ᠣᠯᠠᠨ ᠨᠡᠢᠲᠡ ᠳᠦ ᠦᠨ᠎ᠡ ᠲᠥᠯᠦᠪᠦᠷᠢ ᠦᠭᠡᠢ ᠦᠵᠡᠭᠦᠯᠵᠡᠢ᠃ ᠡᠭᠦᠨ ᠳᠦ᠂ 《ᠴᠢᠩᠭᠢᠰ ᠬᠠᠭᠠᠨ》 ᠦᠨᠳᠦᠰᠦᠨ ᠦ ᠮᠦᠽᠧᠢ ᠪᠡᠷ ᠲᠣᠮᠣ ᠬᠦᠮᠦᠨ 4885᠂ ᠬᠡᠦᠬᠡᠳ 3464᠂ ᠣᠶᠤᠲᠠᠨ 1094᠂ ᠠᠬᠠᠮᠠᠳ ᠨᠠᠰᠤᠲᠠᠨ 810 ᠲᠤᠰᠬᠠᠢ ᠬᠡᠷᠡᠭᠴᠡᠭᠡᠲᠦ ᠢᠷᠭᠡᠳ 87᠂ ᠭᠠᠳᠠᠭᠠᠳᠤ ᠦᠵᠡᠭᠴᠢ 114 ᠲᠤᠰ ᠲᠤᠰ ᠦᠢᠯᠡᠴᠢᠯᠡᠭᠦᠯᠦᠭᠰᠡᠨ ᠪᠠᠢᠨ᠎ᠠ᠃



