ᠴᠠᠭᠳᠠᠭ᠎ᠠ ᠶᠢᠨ ᠶᠡᠷᠦᠩᠬᠡᠢ ᠭᠠᠵᠠᠷ ᠤᠨ ᠬᠠᠷ᠎ᠠ ᠲᠠᠮᠠᠬᠢ ᠲᠠᠢ ᠲᠡᠮᠡᠴᠡᠬᠦ ᠠᠯᠪᠠ 2026 ᠣᠨ ᠤ ᠨᠢᠭᠡᠳᠦᠭᠡᠷ ᠤᠯᠠᠷᠢᠯ ᠤᠨ ᠦᠢᠯᠡ ᠠᠵᠢᠯᠯᠠᠭᠠᠨ ᠤ ᠦᠷ᠎ᠡ ᠳ᠋ᠦᠩ ᠢᠶᠡᠨ ᠬᠡᠯᠡᠯᠴᠡᠵᠦ᠂ ᠠᠯᠪᠠ ᠬᠠᠭᠠᠭᠴᠢᠳ ᠤᠨ ᠰᠠᠬᠢᠯᠭ᠎ᠠ ᠶᠣᠰᠣ ᠵᠦᠢ ᠶᠢᠨ ᠵᠥᠪᠯᠡᠯᠭᠡᠨ ᠢ ᠵᠣᠬᠢᠶᠠᠨ ᠪᠠᠢᠭᠤᠯᠤᠨ ᠴᠢᠨᠠᠭᠰᠢᠳᠠ ᠶᠢᠨ ᠪᠣᠳᠣᠯᠭ᠎ᠠ᠂ ᠴᠢᠭᠯᠡᠯ ᠢᠶᠡᠨ ᠲᠣᠳᠣᠷᠬᠠᠢᠯᠠᠪᠠ᠃
ᠲᠠᠢᠯᠤᠩᠲᠤ ᠬᠤᠭᠤᠴᠠᠭᠠᠨ ᠳᠤ 210 ᠬᠣᠯᠪᠣᠭᠳᠠᠭᠴᠢ ᠲᠠᠢ 143 ᠭᠡᠮᠲᠦ ᠬᠡᠷᠡᠭ ᠢ ᠢᠯᠡᠷᠡᠭᠦᠯᠵᠦ᠂ 27671 ᠬᠦᠮᠦᠨ ᠦ ᠨᠢᠭᠡ ᠤᠳᠠᠭ᠎ᠠ ᠶᠢᠨ ᠬᠡᠷᠡᠭᠯᠡᠭᠡ ᠲᠡᠢ ᠲᠡᠩᠴᠡᠬᠦ ᠬᠡᠮᠵᠢᠶᠡᠨ ᠦ ᠮᠠᠩᠰᠢᠭᠤᠷᠠᠭᠤᠯᠬᠤ ᠪᠣᠳᠠᠰ ᠤᠨ ᠬᠠᠤᠯᠢ ᠪᠤᠰᠤ ᠡᠷᠭᠢᠯᠲᠡ ᠶᠢ ᠲᠠᠰᠤᠯᠤᠨ ᠵᠣᠭᠰᠣᠭᠠᠵᠠᠢ᠃ ᠮᠥᠨ ᠲᠠᠩᠨᠠᠭᠤᠯ ᠤᠨ ᠶᠡᠷᠦᠩᠬᠡᠢ ᠭᠠᠵᠠᠷ᠂ ᠭᠠᠢᠯᠢ ᠶᠢᠨ ᠶᠡᠷᠦᠩᠬᠡᠢ ᠭᠠᠵᠠᠷ ᠪᠣᠯᠤᠨ ᠪᠤᠰᠤᠳ ᠪᠠᠢᠭᠤᠯᠤᠯᠭ᠎ᠠ ᠨᠤᠭᠤᠳ ᠲᠠᠢ ᠬᠠᠮᠲᠤᠷᠠᠨ ᠬᠡᠷᠡᠭᠵᠢᠭᠦᠯᠦᠭᠰᠡᠨ ᠲᠤᠰᠬᠠᠢ ᠠᠷᠭ᠎ᠠ ᠬᠡᠮᠵᠢᠶ᠎ᠡ ᠨᠦᠭᠦᠳ ᠦᠨ ᠬᠦᠷᠢᠶᠡᠨ ᠳᠦ 54 ᠬᠣᠯᠪᠣᠭᠳᠠᠭᠴᠢ ᠲᠠᠢ 45 ᠭᠡᠮᠲᠦ ᠬᠡᠷᠡᠭ ᠢ ᠢᠯᠡᠷᠡᠭᠦᠯᠦᠭᠰᠡᠨ ᠪᠠᠢᠨ᠎ᠠ᠃
ᠴᠢᠨᠠᠭᠰᠢᠳᠠ ᠬᠡᠷᠡᠭ ᠢ ᠰᠢᠭᠤᠷᠬᠠᠢ ᠰᠢᠢᠳᠪᠦᠷᠢᠯᠡᠬᠦ᠂ ᠤᠷᠢᠳᠴᠢᠯᠠᠨ ᠰᠡᠷᠭᠡᠢᠯᠡᠬᠦ ᠠᠵᠢᠯ ᠢ ᠡᠷᠴᠢᠮᠵᠢᠭᠦᠯᠬᠦ᠂ ᠢᠷᠭᠡᠳ ᠦᠨ ᠡᠷᠬᠡ ᠵᠦᠢ ᠶᠢᠨ ᠮᠡᠳᠡᠯᠭᠡ ᠶᠢ ᠳᠡᠭᠡᠭᠰᠢᠯᠡᠭᠦᠯᠬᠦ᠂ ᠲᠧᠭᠨᠢᠭ᠂ ᠲᠧᠭᠨᠣᠯᠣᠭᠢ ᠪᠣᠯᠤᠨ ᠪᠠᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠳᠦ ᠠᠩᠬᠠᠷᠴᠤ ᠠᠵᠢᠯᠯᠠᠨ᠎ᠠ ᠭᠡᠨ᠎ᠡ᠃



