KakaoBank ᠳᠠᠷᠠᠭ᠎ᠠ ᠶᠢᠨ ᠵᠠᠬ᠎ᠠ ᠵᠡᠭᠡᠯᠢ ᠪᠡᠷ ᠢᠶᠡᠨ ᠮᠣᠩᠭᠣᠯ ᠤᠯᠤᠰ ᠢ ᠰᠣᠩᠭᠣᠵᠠᠢ | News.MN

KakaoBank ᠳᠠᠷᠠᠭ᠎ᠠ ᠶᠢᠨ ᠵᠠᠬ᠎ᠠ ᠵᠡᠭᠡᠯᠢ ᠪᠡᠷ ᠢᠶᠡᠨ ᠮᠣᠩᠭᠣᠯ ᠤᠯᠤᠰ ᠢ ᠰᠣᠩᠭᠣᠵᠠᠢ

ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ KakaoBank ᠪᠠᠩᠬᠢ ᠳᠣᠲᠣᠭᠠᠳᠤ ᠳᠤ ᠪᠠᠨ ᠬᠥᠭᠵᠢᠭᠦᠯᠦᠭᠰᠡᠨ ᠵᠢᠭᠡᠯᠡ ᠶᠢᠨ ᠣᠨᠣᠭ᠎ᠠ ᠲᠣᠭᠲᠠᠭᠠᠬᠤ《KakaoBank Score》ᠰᠢᠰᠲ᠋ᠧᠮ ᠢ ᠮᠣᠩᠭᠣᠯ ᠤᠨ ᠰᠠᠩᠬᠦᠦ ᠶᠢᠨ ᠪᠠᠢᠭᠤᠯᠤᠯᠭ᠎ᠠ ᠳᠤ ᠨᠡᠪᠲᠡᠷᠡᠭᠦᠯᠬᠦ ᠪᠡᠷ ᠲᠥᠯᠥᠪᠯᠡᠭᠡᠳ  ᠪᠠᠢᠨ᠎ᠠ᠃ ᠰᠸᠦ᠋ᠯ ᠳᠦ ᠪᠣᠯᠤᠭᠰᠠᠨ ᠬᠡᠪᠯᠡᠯ ᠦᠨ ᠬᠤᠷᠠᠯ ᠤᠨ ᠦᠶ᠎ᠡ ᠪᠡᠷ ᠭᠦᠢᠴᠡᠳᠭᠡᠬᠦ ᠵᠠᠬᠢᠷᠤᠯ ᠶᠦᠩ ᠬᠤ ᠶᠣᠩ᠄ ᠪᠢᠳᠡ ᠣᠯᠠᠨ ᠤᠯᠤᠰ ᠤᠨ ᠵᠠᠬ᠎ᠠ ᠵᠡᠭᠡᠯᠢ ᠪᠠᠨ ᠲᠡᠯᠡᠬᠦ ᠳᠦ ᠢᠨᠳᠥᠨᠧᠽ᠂ ᠲᠠᠢᠯᠠᠨᠳ᠋ ᠤᠯᠤᠰ ᠲᠤ ᠭᠠᠷᠭᠠᠭᠰᠠᠨ ᠠᠮᠵᠢᠯᠲᠠ ᠪᠠᠨ ᠬᠥᠰᠢᠭᠦᠷᠭᠡ ᠪᠣᠯᠭᠠᠨ ᠠᠰᠢᠭᠯᠠᠬᠤ ᠪᠣᠯᠤᠨ᠎ᠠ》 ᠬᠡᠮᠡᠭᠰᠡᠨ ᠪᠠᠢᠨ᠎ᠠ᠃

ᠲᠤᠰ ᠪᠠᠩᠬᠢᠨ ᠤ ᠣᠯᠠᠨ ᠤᠯᠤᠰ ᠳᠠᠬᠢ ᠠᠩᠬᠠᠨ ᠤ ᠬᠥᠷᠥᠩᠭᠡ ᠣᠷᠣᠭᠤᠯᠤᠯᠲᠠ ᠪᠣᠯᠬᠤ ᠢᠨᠳᠥᠨᠧᠽ ᠤᠨ 《SuperBank》 ᠨᠢ ᠥᠩᠭᠡᠷᠡᠭᠰᠡᠨ ᠣᠨ ᠤ ᠠᠷᠪᠠᠨ ᠬᠣᠶᠠᠳᠤᠭᠠᠷ ᠰᠠᠷ᠎ᠠ ᠳᠤ ᠲᠤᠰ ᠤᠯᠤᠰ ᠤᠨ ᠬᠥᠷᠥᠩᠭᠡ ᠶᠢᠨ ᠪᠢᠷᠵᠢ ᠳᠦ ᠪᠦᠷᠢᠳᠬᠡᠭᠦᠯᠵᠦ᠂ ᠲᠡᠭᠦᠨ ᠡᠴᠡ ᠬᠣᠢᠰᠢ ᠤᠯᠤᠰ ᠲᠤ ᠪᠠᠨ ᠥᠰᠦᠯᠲᠡ ᠪᠡᠷ ᠢᠶᠡᠨ ᠲᠡᠷᠢᠭᠦᠯᠡᠵᠦ ᠪᠤᠢ ᠳ᠋ᠢᠵᠢᠲ᠋ᠠᠯ ᠪᠠᠩᠬᠢ ᠨᠤᠭᠤᠳ ᠤᠨ ᠨᠢᠭᠡ ᠪᠣᠯᠤᠭᠰᠠᠨ ᠪᠠᠢᠨ᠎ᠠ᠃

ᠰᠡᠳᠬᠢᠭᠳᠡᠯ ᠦᠯᠡᠳᠡᠭᠡᠬᠦ