ᠮᠣᠩᠭᠣᠯ ᠤᠨ ᠬᠣᠷᠢᠳᠤᠭᠠᠷ ᠵᠠᠭᠤᠨ ᠤ ᠰᠢᠯᠢᠳᠡᠭ ᠷᠣᠮᠠᠨ ᠪᠣᠯᠬᠤ ᠵᠣᠬᠢᠶᠠᠯᠴᠢ ᠴ ∙ ᠯᠣᠳᠤᠢᠳᠠᠮᠪᠠ ᠶᠢᠨ 《ᠲᠤᠩᠭᠠᠯᠠᠭ ᠲᠠᠮᠢᠷ》 ᠷᠣᠮᠠᠨ ᠢᠶᠠᠷ ᠠᠷᠤᠬᠠᠩᠭᠠᠢ ᠠᠢᠮᠠᠭ ᠤᠨ ᠬᠥᠭᠵᠢᠮᠲᠦ ᠳ᠋ᠷᠠᠮ ᠤᠨ ᠲᠢᠶᠠᠲ᠋ᠷ ᠮᠢᠦ᠋ᠽᠢᠺᠯ ᠲᠣᠭᠯᠠᠵᠤ ᠪᠠᠢᠨ᠎ᠠ᠃ ᠲᠤᠰ ᠮᠢᠦ᠋ᠽᠢᠺᠯ ᠤᠨ ᠴᠣᠮᠨᠠᠯ ᠢ ᠲᠥᠷᠥ ᠶᠢᠨ ᠰᠣᠶᠣᠷᠬᠠᠯ ᠳᠤ᠂ ᠰᠤᠶᠤᠯ ᠤᠨ ᠭᠠᠪᠢᠶᠠᠲᠤ ᠵᠢᠳᠬᠦᠯᠲᠡᠨ D∙ ᠲᠥᠷᠦᠪᠠᠲᠤ᠂ ᠲ ∙ ᠵᠦᠩᠪᠢᠯᠢᠭ ᠵᠣᠬᠢᠶᠠᠭᠰᠠᠨ ᠪᠣᠯ ᠬᠥᠭᠵᠢᠮ ᠢ ᠲᠥᠷᠥ ᠶᠢᠨ ᠱᠠᠩᠨᠠᠯᠲᠤ᠂ ᠬᠥᠭᠵᠢᠮ ᠦᠨ ᠵᠣᠬᠢᠶᠠᠯᠴᠢ ᠼ ∙ ᠨᠠᠴᠤᠭᠳᠣᠷᠵᠢ ᠵᠣᠬᠢᠶᠠᠵᠤ ᠡᠬᠢᠯᠡᠭᠦᠯᠦᠭᠡᠳ ᠳᠠᠭᠤᠰᠬᠠᠵᠤ ᠴᠢᠳᠠᠯ ᠦᠭᠡᠢ ᠲᠠᠭᠠᠯᠠᠯ ᠲᠡᠭᠦᠰᠦᠭᠰᠡᠨ ᠲᠤᠯᠠ ᠲᠡᠭᠦᠨ ᠦ ᠱᠠᠪᠢ 《ᠠᠨᠢᠷ》 ᠫᠣᠫ ᠣᠷᠺᠧᠰᠲ᠋ᠷ ᠤᠨ ᠤᠳᠤᠷᠢᠳᠤᠭᠠᠴᠢ ᠪ ∙ ᠠᠯᠲᠠᠨᠬᠤᠶᠠᠭ ᠦᠷᠭᠦᠯᠵᠢᠯᠡᠭᠦᠯᠦᠨ ᠵᠣᠬᠢᠶᠠᠵᠠᠢ᠃
ᠤᠯᠠᠮ ᠢᠶᠠᠷ ᠬᠥᠭᠵᠢᠮ ᠦᠨ ᠵᠣᠬᠢᠶᠠᠯᠴᠢ ᠼ ∙ ᠨᠠᠴᠤᠭᠳᠣᠷᠵᠢ ᠶᠢᠨ ᠮᠡᠨᠳᠦᠯᠡᠭᠰᠡᠨ ᠦ 75 ᠵᠢᠯ ᠦᠨ ᠣᠢ᠂ 《ᠠᠨᠢᠷ》 ᠫᠣᠫ ᠣᠷᠺᠧᠰᠲ᠋ᠷ ᠤᠨ 25 ᠵᠢᠯ ᠦᠨ ᠣᠢ ᠳᠤ ᠵᠣᠷᠢᠭᠤᠯᠤᠨ ᠠᠷᠤᠬᠠᠩᠭᠠᠢ ᠶᠢᠨ ᠲᠢᠶᠠᠲ᠋ᠷ᠂ ᠰᠤᠶᠤᠯ ᠤᠷᠠᠯᠢᠭ ᠤᠨ ᠶᠡᠬᠡ ᠰᠤᠷᠭᠠᠭᠤᠯᠢ ᠦᠨ ᠳᠠᠭᠤᠯᠠᠭᠠᠴᠢ ᠶᠢᠨ ᠠᠩᠬᠢ ᠶᠢᠨ ᠣᠶᠤᠲᠠᠳ ᠲᠠᠢ ᠬᠠᠮᠲᠤᠷᠠᠨ ᠣᠷᠣᠨ ᠳᠠᠶᠠᠭᠠᠷ ᠠᠶᠠᠯᠠᠨ ᠲᠣᠭᠯᠠᠯᠲᠠ ᠬᠢᠵᠦ ᠪᠠᠢᠭ᠎ᠠ ᠶᠤᠮ᠃ ᠲᠤᠰ ᠵᠦᠴᠦᠭᠡ ᠶᠢ ᠥᠩᠭᠡᠷᠡᠭᠴᠢ ᠪᠠᠰᠠᠩ ᠭᠠᠷᠠᠭ ᠲᠤ ᠤᠯᠠᠭᠠᠨᠪᠠᠭᠠᠲᠤᠷ ᠲᠤ ᠲᠣᠭᠯᠠᠭᠰᠠᠨ ᠶᠤᠮ᠃ ᠡᠨᠡ ᠦᠶ᠎ᠡ ᠪᠡᠷ D∙ ᠢᠴᠢᠨᠬᠣᠷᠯᠸ᠎ᠠ ᠶᠢᠨ ᠨᠡᠷᠡᠮᠵᠢᠲᠦ ᠠᠷᠤᠬᠠᠩᠭᠠᠢ ᠠᠢᠮᠠᠭ ᠤᠨ ᠬᠥᠭᠵᠢᠮᠲᠦ ᠳ᠋ᠷᠠᠮ ᠤᠨ ᠲᠢᠶᠠᠲ᠋ᠷ ᠤᠨ ᠬᠠᠮᠲᠤ ᠣᠯᠠᠨ ᠰᠡᠭᠦᠯ ᠦᠨ ᠭᠤᠷᠪᠠᠨ ᠵᠢᠯ ᠦᠨ ᠬᠤᠭᠤᠴᠠᠭᠠᠨ ᠳᠤ ᠲᠠᠢᠰᠠᠨ᠎ᠠ ᠲᠠᠯᠪᠢᠭᠰᠠᠨ ᠵᠦᠴᠦᠭᠡ ᠶᠢᠨ ᠢᠶᠡᠨ ᠣᠷᠣᠯᠭ᠎ᠠ ᠪᠠᠷ ᠤᠭ ᠠᠶᠠᠯᠠᠨ ᠲᠣᠭᠯᠠᠯᠲᠠ ᠪᠠᠨ ᠵᠣᠬᠢᠶᠠᠨ ᠪᠠᠢᠭᠤᠯᠵᠤ ᠪᠤᠢ ᠪᠠᠨ ᠵᠠᠷᠯᠠᠭᠰᠠᠨ ᠪᠢᠯᠡ᠃



