《ᠲᠡᠦᠬᠡ ᠶᠢᠨ ᠪᠠᠭᠰᠢ ᠨᠠᠷ ᠤᠨ ᠤᠯᠤᠰ ᠤᠨ ᠠᠩᠬᠠᠳᠤᠭᠠᠷ ᠵᠥᠪᠯᠡᠯᠭᠡᠨ ᠢ 2026 ᠣᠨ ᠤ ᠳᠥᠷᠪᠡᠳᠦᠭᠡᠷ ᠰᠠᠷ᠎ᠠ ᠶᠢᠨ 14᠂ 15 ᠤ ᠡᠳᠦᠷ ᠦᠳ ᠲᠦ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠭᠤᠯᠬᠤ ᠭᠡᠵᠦ ᠪᠠᠢᠨ᠎ᠠ᠃
ᠮᠣᠩᠭᠣᠯ ᠦᠨᠳᠦᠰᠦᠲᠡᠨ ᠦ ᠤᠭ ᠭᠠᠷᠤᠯ᠂ ᠲᠥᠷᠥᠳᠦ ᠶᠣᠰᠣᠨ ᠤ ᠤᠯᠠᠮᠵᠢᠯᠠᠯ᠂ ᠨᠡᠭᠦᠳᠡᠯ ᠦᠨ ᠰᠤᠶᠤᠯ ᠢᠷᠭᠡᠨᠰᠢᠯ ᠦᠨ ᠥᠪ ᠰᠤᠶᠤᠯ᠂ ᠮᠣᠩᠭᠣᠯᠴᠤᠳ ᠪᠢᠳᠡᠨ ᠦ ᠬᠦᠮᠦᠨ ᠲᠥᠷᠥᠯᠬᠢᠲᠡᠨ ᠦ ᠬᠥᠭᠵᠢᠯ ᠳᠡᠪᠰᠢᠯ ᠳᠦ ᠣᠷᠣᠭᠤᠯᠤᠭᠰᠠᠨ ᠬᠤᠪᠢ ᠨᠡᠮᠡᠷᠢ᠂ ᠡᠪᠦᠭᠡ ᠳᠡᠭᠡᠳᠦᠰ ᠦᠨ ᠠᠭᠤᠤ ᠶᠡᠬᠡ ᠲᠡᠦᠬᠡ᠂ ᠦᠢᠯᠡ ᠬᠡᠷᠡᠭ᠂ ᠦᠵᠡᠯ ᠰᠠᠨᠠᠭ᠎ᠠ ᠶᠢ ᠰᠤᠳᠤᠯᠤᠨ ᠰᠢᠨᠵᠢᠯᠡᠬᠦ᠂ ᠲᠦᠭᠡᠭᠡᠨ ᠳᠡᠯᠭᠡᠷᠡᠭᠦᠯᠬᠦ᠂ ᠠᠯᠳᠠᠷᠰᠢᠭᠤᠯᠤᠨ ᠮᠥᠩᠬᠡᠵᠢᠭᠦᠯᠬᠦ᠂ ᠦᠨᠳᠦᠰᠦᠨ ᠦ ᠨᠢᠭᠡᠳᠦᠮᠡᠯ ᠦᠨᠡᠲᠦ ᠵᠦᠢᠯᠡᠰ᠂ ᠲᠤᠰᠠᠭᠠᠷ ᠲᠣᠭᠲᠠᠨᠢᠯ ᠢ ᠪᠠᠲᠤᠳᠬᠠᠨ ᠪᠡᠬᠢᠵᠢᠭᠦᠯᠬᠦ ᠡᠭᠦᠳᠡᠨ ᠡᠴᠡ ᠮᠣᠩᠭᠣᠯ ᠤᠯᠤᠰ ᠤᠨ ᠶᠡᠷᠦᠩᠬᠡᠢᠢᠯᠡᠭ᠍ᠴᠢ ᠶᠢᠨ 《ᠮᠣᠩᠭᠣᠯ ᠤᠨ ᠲᠡᠦᠬᠡ ᠰᠤᠳᠤᠯᠤᠯ ᠢ ᠳᠡᠮᠵᠢᠬᠦ ᠲᠤᠬᠠᠢ》 2024 ᠣᠨ ᠤ ᠠᠷᠪᠠᠨ ᠨᠢᠭᠡᠳᠦᠭᠡᠷ ᠰᠠᠷ᠎ᠠ ᠶᠢᠨ 02 ᠤ ᠡᠳᠦᠷ ᠦᠨ 166 ᠳ᠋ᠤᠭᠠᠷ ᠵᠠᠷᠯᠢᠭ ᠲᠤ᠂ ᠮᠣᠩᠭᠣᠯ ᠤᠯᠤᠰ ᠤᠨ ᠢᠷᠭᠡᠨ ᠪᠦᠷᠢ ᠡᠬᠡ ᠲᠡᠦᠬᠡ ᠪᠡᠨ ᠰᠤᠳᠤᠯᠤᠨ ᠮᠡᠳᠡᠵᠦ᠂ ᠦᠷ᠎ᠡ ᠬᠣᠢᠴᠢ ᠳᠤ ᠪᠠᠨ ᠥᠪᠯᠡᠭᠦᠯᠦᠨ ᠦᠯᠡᠳᠡᠭᠡᠵᠦ᠂ ᠲᠦᠭᠡᠭᠡᠨ ᠳᠡᠯᠭᠡᠷᠡᠭᠦᠯᠬᠦ ᠳᠦ ᠬᠤᠪᠢ ᠨᠡᠮᠡᠷᠢ ᠪᠡᠨ ᠤᠷᠤᠭᠤᠯᠬᠤ ᠶᠢ ᠤᠷᠢᠶᠠᠯᠠᠭᠰᠠᠨ᠃
ᠡᠨᠡ ᠬᠦᠷᠢᠶᠡᠨ ᠳᠦ ᠪᠦᠬᠦ ᠱᠠᠲᠤᠨ ᠤ ᠪᠣᠯᠪᠠᠰᠤᠷᠠᠯ ᠤᠨ ᠰᠤᠷᠭᠠᠯᠲᠠ ᠶᠢᠨ ᠪᠠᠢᠭᠤᠯᠤᠯᠭ᠎ᠠ ᠳᠤ ᠬᠡᠷᠡᠭᠵᠢᠭᠦᠯᠵᠦ ᠪᠠᠢᠭ᠎ᠠ ᠲᠡᠦᠬᠡ ᠶᠢᠨ ᠰᠤᠷᠭᠠᠯᠲᠠ ᠶᠢᠨ ᠬᠥᠲᠥᠯᠪᠦᠷᠢ ᠶᠢᠨ ᠠᠭᠤᠯᠭ᠎ᠠ᠂ ᠠᠷᠭ᠎ᠠ ᠵᠦᠢ᠂ ᠦᠷ᠎ᠡ ᠳ᠋ᠦᠩ᠂ ᠰᠤᠷᠭᠠᠯᠲᠠ ᠶᠢᠨ ᠣᠷᠴᠢᠨ᠂ ᠬᠡᠷᠡᠭᠯᠡᠭᠳᠡᠬᠦᠨ᠂ ᠪᠠᠭᠰᠢᠯᠠᠬᠤ ᠬᠦᠮᠦᠨ ᠦ ᠨᠥᠭᠡᠴᠡ ᠶᠢᠨ ᠬᠦᠷᠦᠯᠴᠡᠭᠡ᠂ ᠬᠠᠩᠭᠠᠮᠵᠢ᠂ ᠬᠥᠭᠵᠢᠯ ᠦᠨ ᠠᠰᠠᠭᠤᠳᠠᠯ ᠤᠳ ᠢ ᠪᠠᠭᠰᠢ᠂ ᠡᠷᠳᠡᠮᠲᠡᠨ ᠰᠤᠳᠤᠯᠤᠭᠠᠴᠢᠳ ᠤᠨ ᠣᠷᠣᠯᠴᠠᠭ᠎ᠠ ᠲᠠᠢ ᠪᠠᠷ ᠬᠡᠯᠡᠯᠴᠡᠨ᠂ ᠰᠤᠷᠭᠠᠯᠲᠠ ᠶᠢᠨ ᠬᠥᠲᠥᠯᠪᠦᠷᠢ᠂ ᠰᠤᠷᠬᠤ ᠪᠢᠴᠢᠭ᠂ ᠪᠠᠭᠰᠢ ᠪᠡᠯᠡᠳᠬᠡᠬᠦ᠂ ᠴᠢᠳᠠᠪᠬᠢᠵᠢᠭᠤᠯᠬᠤ ᠲᠣᠭᠲᠠᠯᠴᠠᠭ᠎ᠠ ᠶᠢ ᠰᠠᠢᠵᠢᠷᠠᠭᠤᠯᠬᠤ᠂ ᠲᠡᠦᠬᠡ ᠶᠢᠨ ᠰᠢᠨᠵᠢᠯᠡᠬᠦ ᠤᠬᠠᠭᠠᠨ ᠤ ᠰᠡᠭᠦᠯ ᠦᠨ ᠦᠶ᠎ᠡ ᠶᠢᠨ ᠰᠤᠳᠤᠯᠭ᠎ᠠ᠂ ᠦᠷ᠎ᠡ ᠳ᠋ᠦᠩ᠂ ᠲᠧᠭᠨᠣᠯᠣᠭᠢ ᠶᠢᠨ ᠳᠡᠪᠰᠢᠯ ᠢ ᠰᠤᠷᠭᠠᠯᠲᠠ ᠳᠤ ᠪᠦᠲᠦᠭᠡᠯᠴᠢ ᠪᠡᠷ ᠬᠡᠷᠡᠭᠯᠡᠬᠦ᠂ ᠪᠦᠬᠦ ᠨᠡᠢᠲᠡ ᠶᠢᠨ ᠲᠡᠦᠬᠡ ᠶᠢᠨ ᠮᠡᠳᠡᠯᠭᠡ ᠶᠢ ᠳᠡᠭᠡᠭᠰᠢᠯᠡᠭᠦᠯᠬᠦ᠂ ᠲᠠᠯ᠎ᠠ ᠨᠤᠭᠤᠳ ᠤᠨ ᠣᠷᠣᠯᠴᠠᠭ᠎ᠠ᠂ ᠢᠳᠡᠪᠬᠢ ᠰᠠᠨᠠᠭᠠᠴᠢᠯᠠᠭ᠎ᠠ᠂ ᠶᠢ ᠰᠠᠢᠵᠢᠷᠠᠭᠤᠯᠬᠤ ᠳᠤ ᠴᠢᠭᠯᠡᠭᠰᠡᠨ ᠰᠠᠨᠠᠯ᠂ ᠵᠥᠪᠯᠡᠮᠵᠢ ᠶᠢ ᠪᠣᠯᠪᠠᠰᠤᠷᠠᠭᠤᠯᠬᠤ ᠵᠣᠷᠢᠯᠭ᠎ᠠ ᠲᠠᠢ ᠶᠤᠮ᠃



