ᠦᠨᠳᠦᠰᠦᠨ ᠦ ᠡᠷᠳᠡᠮ ᠰᠢᠨᠵᠢᠯᠡᠭᠡᠨ ᠦ ᠪᠦᠲᠦᠭᠡᠯ ᠦᠨ ᠨᠢᠭᠡᠳᠦᠭᠰᠡᠨ ᠰᠠᠩ ᠢ ᠪᠠᠢᠭᠤᠯᠤᠨ᠎ᠠ | News.MN

ᠦᠨᠳᠦᠰᠦᠨ ᠦ ᠡᠷᠳᠡᠮ ᠰᠢᠨᠵᠢᠯᠡᠭᠡᠨ ᠦ ᠪᠦᠲᠦᠭᠡᠯ ᠦᠨ ᠨᠢᠭᠡᠳᠦᠭᠰᠡᠨ ᠰᠠᠩ ᠢ ᠪᠠᠢᠭᠤᠯᠤᠨ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ᠦᠨ ᠬᠤᠷᠠᠯᠳᠤᠭᠠᠨ ᠢᠶᠠᠷ 《ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠲᠤᠬᠠᠢ ᠬᠠᠤᠯᠢ》 ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠦᠨ ᠠᠩᠬᠠᠨ ᠤ ᠬᠡᠯᠡᠯᠴᠡᠭᠦᠯᠭᠡ ᠶᠢ ᠬᠢᠪᠡ᠃

ᠬᠠᠤᠯᠢ ᠶᠢᠨ ᠲᠥᠰᠥᠯ ᠳᠦ ᠦᠨᠳᠦᠰᠦᠨ ᠦ ᠡᠷᠳᠡᠮ ᠰᠢᠨᠵᠢᠯᠡᠭᠡᠨ ᠦ ᠪᠦᠲᠦᠭᠡᠯ ᠦᠨ ᠨᠢᠭᠡᠳᠦᠭᠰᠡᠨ ᠰᠠᠩ ᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠤ ᠪᠠᠢᠭᠤᠯᠵᠤ᠂ ᠣᠯᠠᠨ ᠤᠯᠤᠰ ᠤᠨ ᠵᠢᠱᠢᠭ ᠲᠦ ᠨᠡᠢᠴᠡᠭᠦᠯᠦᠨ ᠬᠥᠭᠵᠢᠭᠦᠯᠵᠦ᠂ ᠮᠡᠳᠡᠯᠭᠡ ᠶᠢᠨ ᠳ᠋ᠠᠲ᠋ᠠ ᠲᠥᠪ ᠪᠣᠯᠭᠠᠬᠤ᠂ ᠲᠥᠷᠥ ᠶᠢᠨ ᠥᠮᠴᠢᠲᠤ ᠡᠷᠳᠡᠮ ᠰᠢᠨᠵᠢᠯᠡᠭᠡᠨ ᠦ ᠪᠠᠢᠭᠤᠯᠤᠯᠭ᠎ᠠ ᠶᠢ ᠦᠨᠳᠦᠰᠦᠨ ᠴᠢᠭᠯᠡᠯ ᠢᠶᠡᠷ ᠢᠶᠡᠨ ᠲᠧᠨᠳᠧᠷ ᠰᠢᠯᠭᠠᠷᠠᠭᠤᠯᠤᠯᠲᠠ ᠳᠤ ᠣᠷᠣᠯᠴᠠᠬᠤ ᠳᠤ ᠲᠧᠨᠳᠧᠷ ᠦᠨ ᠪᠣᠯᠤᠨ ᠭᠦᠢᠴᠡᠳᠬᠡᠯ ᠦᠨ ᠪᠠᠲᠤᠯᠠᠭᠠᠨ ᠠᠴᠠ ᠴᠢᠯᠦᠭᠡᠯᠡᠬᠦ ᠵᠣᠬᠢᠴᠠᠭᠤᠯᠤᠯᠲᠠ ᠶᠢ ᠲᠤᠰᠬᠠᠵᠠᠢ᠃

ᠬᠡᠯᠡᠯᠴᠡᠭᠦᠯᠭᠡ ᠶᠢᠨ ᠦᠶ᠎ᠡ ᠪᠡᠷ ᠵᠠᠷᠢᠮ ᠭᠡᠰᠢᠭᠦᠨ 《ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠲᠤᠬᠠᠢ ᠬᠠᠤᠯᠢ》 ᠳᠤ ᠨᠡᠮᠡᠯᠲᠡ ᠥᠭᠡᠷᠡᠴᠢᠯᠡᠯᠲᠡ ᠣᠷᠣᠭᠤᠯᠤᠭᠰᠠᠨ ᠢᠶᠠᠷ ᠮᠠᠨ ᠤ ᠤᠯᠤᠰ ᠤᠨ ᠰᠢᠨᠵᠢᠯᠡᠬᠦ ᠤᠬᠠᠭᠠᠨ ᠤ ᠰᠠᠯᠪᠤᠷᠢ ᠶᠢᠨ ᠬᠥᠭᠵᠢᠯ  ᠳᠤ ᠠᠬᠢᠴᠠ ᠭᠠᠷᠴᠤ᠂ ᠰᠤᠳᠤᠯᠤᠭᠠᠴᠢᠳ᠂ ᠰᠤᠳᠤᠯᠭᠠᠨ ᠤ ᠠᠵᠢᠯ ᠤᠳ ᠴᠠᠬᠢᠭᠤᠷ ᠤᠨ ᠬᠥᠨᠳᠡᠢ ᠳᠦ ᠴᠠᠬᠢᠭᠤᠷ ᠬᠠᠭᠠᠯᠬᠤ ᠡᠷᠬᠡ ᠵᠦᠢ ᠶᠢᠨ ᠣᠷᠴᠢᠨ  ᠰᠠᠢᠵᠢᠷᠠᠨ᠎ᠠ ᠬᠡᠮᠡᠨ ᠲᠣᠳᠣᠳᠬᠠᠵᠤ ᠪᠠᠢᠭᠰᠠᠨ ᠶᠤᠮ᠃

ᠰᠡᠳᠬᠢᠭᠳᠡᠯ ᠦᠯᠡᠳᠡᠭᠡᠬᠦ