ᠰ ∙ ᠪᠠᠶᠠᠷᠴᠣᠭᠲᠤ᠄ ᠠᠷᠠᠳᠴᠢᠯᠠᠭᠰᠠᠨ ᠨᠠᠮ ᠬᠤᠶᠠᠳᠠᠬᠢ ᠰᠡᠷᠭᠦᠨ ᠮᠠᠨᠳᠤᠯᠲᠠ ᠪᠠᠨ ᠡᠬᠢᠯᠡᠭᠦᠯᠵᠦ ᠴᠢᠳᠠᠯ᠎ᠠ | News.MN

ᠰ ∙ ᠪᠠᠶᠠᠷᠴᠣᠭᠲᠤ᠄ ᠠᠷᠠᠳᠴᠢᠯᠠᠭᠰᠠᠨ ᠨᠠᠮ ᠬᠤᠶᠠᠳᠠᠬᠢ ᠰᠡᠷᠭᠦᠨ ᠮᠠᠨᠳᠤᠯᠲᠠ ᠪᠠᠨ ᠡᠬᠢᠯᠡᠭᠦᠯᠵᠦ ᠴᠢᠳᠠᠯ᠎ᠠ

ᠠᠷᠠᠳᠴᠢᠯᠠᠭᠰᠠᠨ ᠨᠠᠮ ᠤᠨ ᠦᠨᠳᠦᠰᠦᠨ ᠦ ᠪᠣᠳᠣᠯᠭ᠎ᠠ ᠶᠢᠨ ᠬᠣᠷᠢᠶ᠎ᠠ 05 ᠰᠠᠷ᠎ᠠ ᠶᠢᠨ 06 ᠳᠦ ᠬᠤᠷᠠᠯᠳᠤᠵᠤ᠂ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠨ ᠰᠣᠩᠭᠣᠵᠤ᠂ ᠪᠠᠲᠤᠯᠠᠮᠵᠢᠯᠠᠭᠰᠠᠨ ᠶᠤᠮ᠃

ᠰᠢᠨ᠎ᠡ ᠪᠡᠷ ᠰᠣᠩᠭᠣᠭᠳᠠᠭᠰᠠᠨ ᠠᠷᠠᠳᠴᠢᠯᠠᠭᠰᠠᠨ ᠨᠠᠮ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠰ ∙ ᠪᠠᠶᠠᠷᠴᠣᠭᠲᠤ᠄ ᠠᠷᠠᠳᠴᠢᠯᠠᠭᠰᠠᠨ ᠨᠠᠮ ᠪᠣᠯ ᠠᠷᠠᠳ ᠲᠦᠮᠡᠨ ᠡᠴᠡ ᠪᠡᠨ ᠡᠬᠢᠯᠡᠯ ᠲᠡᠢ᠂ ᠵᠣᠬᠢᠶᠠᠨ ᠪᠠᠢᠭᠤᠯᠤᠯᠲᠠ ᠪᠠᠨ ᠳᠣᠣᠷ᠎ᠠ ᠠᠴᠠ ᠪᠠᠨ ᠡᠬᠢᠯᠡᠵᠦ ᠴᠢᠳᠠᠳᠠᠭ ᠭᠡᠳᠡᠭ ᠢ ᠬᠠᠷᠠᠭᠤᠯᠵᠤ ᠴᠢᠳᠠᠯ᠎ᠠ᠃ 4-5 ᠰᠠᠷ᠎ᠠ ᠶᠢᠨ ᠲᠤᠷᠰᠢ ᠦᠷᠭᠦᠯᠵᠢᠯᠡᠭᠰᠡᠨ ᠰᠢᠨᠡᠴᠢᠯᠡᠭᠰᠡᠨ ᠪᠦᠷᠢᠳᠬᠡᠯ᠂ ᠶᠡᠬᠡ ᠬᠤᠷᠠᠯ ᠤᠨ ᠵᠣᠬᠢᠶᠠᠨ ᠪᠠᠢᠭᠤᠯᠤᠯᠲᠠ᠂ ᠨᠠᠮ ᠤᠨ ᠪᠠᠢᠭᠤᠯᠤᠯᠭ᠎ᠠ ᠨᠤᠭᠤᠳ ᠢᠶᠠᠨ ᠰᠤᠩᠭᠤᠬᠤ ᠠᠵᠢᠯ ᠤᠳ ᠦᠶ᠎ᠡ ᠱᠠᠲᠤ ᠲᠠᠢ ᠬᠢᠭᠳᠡᠭᠰᠡᠭᠡᠷ ᠥᠴᠥᠭᠡᠳᠦᠷ ᠦᠨ ᠬᠤᠷᠠᠯ ᠢᠶᠠᠷ ᠵᠣᠬᠢᠶᠠᠨ ᠪᠠᠢᠭᠤᠯᠤᠯᠲᠠ ᠶᠢᠨ ᠠᠵᠢᠯ ᠢᠶᠠᠨ ᠬᠢᠵᠦ ᠳᠠᠭᠤᠰᠬᠠᠯ᠎ᠠ᠃ ᠪᠢᠳᠡ ᠴᠡᠭᠴᠡ ᠲᠡᠢ ᠨᠠᠮ ᠪᠣᠯᠵᠤ ᠴᠢᠳᠠᠵᠤ ᠪᠠᠢᠭ᠎ᠠ᠃ ᠠᠷᠠᠳᠴᠢᠯᠠᠭᠰᠠᠨ ᠨᠠᠮ 36 ᠵᠢᠯ ᠦᠨ ᠳᠠᠷᠠᠭ᠎ᠠ  ᠬᠤᠶᠠᠳᠠᠬᠢ ᠰᠡᠷᠭᠦᠨ ᠮᠠᠨᠳᠤᠯᠲᠠ ᠪᠠᠨ ᠡᠬᠢᠯᠡᠭᠦᠯᠵᠦ ᠴᠢᠳᠠᠯ᠎ᠠ᠃

ᠮᠠᠨ ᠤ ᠲᠠᠪᠤᠨ ᠳᠡᠳ᠋ ᠳᠠᠷᠤᠭ᠎ᠠ ᠣᠯᠠᠨ ᠰᠠᠯᠪᠤᠷᠢ ᠶᠢ ᠲᠥᠯᠦᠭᠡᠯᠡᠵᠦ᠂ ᠬᠠᠷᠢᠭᠤᠴᠠᠭᠰᠠᠨ ᠴᠢᠭᠯᠡᠯ ᠢᠶᠡᠷ ᠢᠶᠡᠨ ᠠᠵᠢᠯᠯᠠᠨ᠎ᠠ᠃ ᠳᠡᠳ᠋ ᠳᠠᠷᠤᠭ᠎ᠠ ᠨᠠᠷ ᠮᠠᠨᠢ ᠮᠠᠨ ᠤ ᠨᠠᠮ ᠳᠤ ᠪᠠᠢᠳᠠᠭ ᠲᠠᠪᠤᠨ ᠹᠷᠠᠺᠼ ᠢ ᠲᠥᠯᠦᠭᠡᠯᠡᠵᠦ ᠪᠠᠢᠭ᠎ᠠ᠃ ᠡᠨᠡ ᠨᠢ ᠪᠢᠳᠡ ᠦᠵᠡᠯ ᠰᠠᠨᠠᠭᠠᠨ ᠤ ᠪᠠᠨ ᠲᠥᠯᠥᠭᠡ ᠨᠢᠭᠡᠳᠴᠦ ᠴᠢᠳᠠᠳᠠᠭ ᠢ ᠬᠠᠷᠠᠭᠤᠯᠤᠭᠰᠠᠨ ᠶᠠᠪᠤᠳᠠᠯ ᠭᠡᠵᠦ ᠪᠢ ᠬᠠᠷᠠᠵᠤ ᠪᠠᠢᠨ᠎ᠠ ᠭᠡᠰᠡᠨ ᠶᠤᠮ᠃

ᠰᠡᠳᠬᠢᠭᠳᠡᠯ ᠦᠯᠡᠳᠡᠭᠡᠬᠦ