ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠬᠦᠮᠦᠨ ᠦ ᠡᠷᠬᠡ ᠶᠢᠨ ᠳᠡᠭᠡᠳᠦ ᠺᠣᠮᠢᠰᠰᠠᠷ ᠭᠠᠨᠳᠠᠨᠳᠡᠭ᠍ᠴᠢᠯᠡᠨ ᠬᠡᠢᠢᠳ ᠲᠦ ᠵᠣᠴᠢᠯᠠᠯ᠎ᠠ | News.MN

ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠬᠦᠮᠦᠨ ᠦ ᠡᠷᠬᠡ ᠶᠢᠨ ᠳᠡᠭᠡᠳᠦ ᠺᠣᠮᠢᠰᠰᠠᠷ ᠭᠠᠨᠳᠠᠨᠳᠡᠭ᠍ᠴᠢᠯᠡᠨ ᠬᠡᠢᠢᠳ ᠲᠦ ᠵᠣᠴᠢᠯᠠᠯ᠎ᠠ

ᠨᠢᠭᠡᠳᠦᠭᠰᠡᠨ ᠦᠨᠳᠦᠰᠦᠨ ᠦ ᠪᠠᠢᠭᠤᠯᠤᠯᠭ᠎ᠠ ᠶᠢᠨ ᠬᠦᠮᠦᠨ ᠦ ᠡᠷᠬᠡ ᠶᠢᠨ ᠳᠡᠭᠡᠳᠦ ᠺᠣᠮᠢᠰᠰᠠᠷ ᠹᠣᠯᠺᠧᠷ ᠲᠢᠦ᠋ᠷᠺ ᠮᠣᠩᠭᠣᠯ ᠤᠯᠤᠰ ᠲᠤ ᠬᠢᠵᠦ ᠪᠤᠢ ᠠᠢᠯᠴᠢᠯᠠᠯ ᠤᠨ ᠢᠶᠠᠨ ᠬᠦᠷᠢᠶᠡᠨ ᠳᠦ ᠮᠣᠩᠭᠣᠯ ᠤᠨ ᠪᠤᠷᠬᠠᠨ ᠱᠠᠰᠢᠨᠲᠠᠨ ᠤ ᠲᠥᠪ ᠭᠠᠨᠳᠠᠨᠳᠡᠭ᠍ᠴᠢᠯᠡᠨ ᠬᠡᠢᠢᠳ  ᠲᠦ ᠥᠨᠥᠳᠥᠷ ᠵᠣᠴᠢᠯᠠᠵᠤ᠂ ᠲᠡᠷᠢᠭᠦᠨ ᠬᠠᠮᠪᠤ D∙ ᠵᠢᠪᠽᠤᠨᠳᠤᠷᠵᠢ ᠪᠣᠯᠤᠨ ᠲᠤᠰ ᠬᠡᠢᠢᠳ  ᠦᠨ ᠭᠠᠳᠠᠭᠠᠳᠤ ᠬᠠᠷᠢᠯᠴᠠᠭ᠎ᠠ ᠬᠠᠷᠢᠭᠤᠴᠠᠭᠰᠠᠨ ᠲᠡᠷᠢᠭᠦᠯᠡᠭᠴᠢ ᠮ ∙ ᠭᠠᠩᠬᠤᠶᠠᠭ᠂ ᠠᠯᠪᠠᠨ ᠤ ᠪᠤᠰᠤᠳ ᠬᠦᠮᠦᠰ ᠲᠡᠢ ᠠᠭᠤᠯᠵᠠᠭᠰᠠᠨ ᠪᠠᠢᠨ᠎ᠠ᠃

ᠠᠭᠤᠯᠵᠠᠯᠲᠠ ᠶᠢᠨ ᠦᠶ᠎ᠡ ᠪᠡᠷ ᠲᠠᠯ᠎ᠠ ᠨᠤᠭᠤᠳ ᠬᠦᠮᠦᠨ ᠲᠥᠷᠥᠯᠬᠢᠲᠡᠨ ᠦ ᠨᠡᠢᠲᠡᠯᠢᠭ ᠦᠨᠡᠲᠦ ᠵᠦᠢᠯ ᠪᠣᠯᠬᠤ ᠬᠠᠷᠢᠯᠴᠠᠨ ᠬᠦᠨᠳᠦᠯᠡᠯ᠂ ᠬᠦᠮᠦᠨ ᠦ ᠡᠷᠬᠡ ᠶᠢ ᠳᠡᠭᠡᠳᠦᠯᠡᠬᠦ᠂ ᠪᠤᠰᠤᠳ ᠢ ᠬᠠᠢᠷᠠᠯᠠᠨ ᠡᠨᠡᠷᠢᠬᠦ ᠰᠡᠳᠬᠢᠯ᠂ ᠡᠪ ᠨᠢᠭᠡᠳᠦᠯ ᠪᠣᠯᠤᠨ ᠡᠩᠬᠡ ᠠᠮᠤᠭᠤᠯᠠᠩ ᠢ ᠪᠡᠬᠢᠵᠢᠭᠦᠯᠬᠦ ᠳᠦ ᠪᠤᠷᠬᠠᠨ ᠤ ᠰᠤᠷᠭᠠᠯ ᠤᠨ ᠠᠴᠢ ᠬᠣᠯᠪᠣᠭᠳᠠᠯ ᠤᠨ ᠲᠠᠯ᠎ᠠ ᠪᠠᠷ ᠶᠠᠷᠢᠯᠴᠠᠵᠠᠢ᠃ ᠠᠦ᠋ᠰᠲᠷᠢ ᠶᠢᠨ ᠳ᠋ᠢᠫᠯᠣᠮᠠᠲ᠋ᠴᠢ ᠹ ∙ ᠲᠢᠦ᠋ᠷᠺ 2022 ᠣᠨ ᠳᠤ ᠬᠦᠮᠦᠨ ᠦ ᠡᠷᠬᠡ ᠶᠢᠨ ᠳᠡᠭᠡᠳᠦ ᠺᠣᠮᠢᠰᠰᠠᠷ ᠢᠶᠠᠷ ᠲᠣᠮᠢᠯᠠᠭᠳᠠᠭᠰᠠᠨ ᠶᠤᠮ᠃

ᠰᠡᠳᠬᠢᠭᠳᠡᠯ ᠦᠯᠡᠳᠡᠭᠡᠬᠦ