ᠡᠮᠦᠨᠡᠭᠣᠪᠢ ᠠᠢᠮᠠᠭ ᠤᠨ ᠴᠣᠭᠲᠤᠴᠡᠴᠡᠢ ᠰᠤᠮᠤ ᠠᠴᠠ ᠬᠠᠨᠪᠣᠭᠳᠠ ᠰᠤᠮᠤ ᠴᠢᠭᠯᠡᠯ ᠦᠨ ᠠᠦ᠋ᠲ᠋ᠣ᠋ ᠵᠠᠮ ᠳᠠᠭᠠᠤ ᠪᠠᠢᠷᠢᠯᠠᠬᠤ ᠤᠯᠤᠰ ᠤᠨ ᠮᠡᠳᠡᠯ ᠦᠨ ᠥᠨᠳᠥᠷ ᠬᠦᠴᠦᠳᠡᠯ ᠦᠨ ᠴᠠᠬᠢᠯᠭᠠᠨ ᠳᠠᠮᠵᠢᠭᠤᠯᠬᠤ ᠱᠤᠭᠤᠮ ᠳᠤ 《ᠰᠢᠪᠠᠭᠤ ᠦᠷᠭᠦᠭᠡᠭᠴᠢ》 ᠲᠥᠬᠥᠭᠡᠷᠦᠮᠵᠢ ᠰᠠᠭᠤᠷᠢᠯᠠᠭᠤᠯᠤᠭᠠ ᠦᠭᠡᠢ ᠲᠠᠯ᠎ᠠ ᠪᠠᠷ ᠢᠷᠭᠡᠳ ᠴᠠᠬᠢᠮ ᠤᠷᠴᠢᠨ ᠳᠤ ᠮᠡᠳᠡᠭᠡᠯᠡᠵᠡᠢ᠃
ᠲᠤᠰ ᠴᠠᠬᠢᠯᠭᠠᠨ ᠳᠠᠮᠵᠢᠭᠤᠯᠬᠤ ᠱᠤᠭᠤᠮ ᠢ ᠧᠦ᠋ᠷᠣᠫᠠ ᠶᠢᠨ ᠰᠡᠷᠭᠦᠭᠡᠨ ᠪᠣᠰᠬᠠᠯᠲᠠ᠂ ᠬᠥᠭᠵᠢᠯ ᠦᠨ ᠪᠠᠩᠬᠢᠨ ᠤ ᠵᠢᠭᠡᠯᠡ ᠪᠡᠷ ᠪᠠᠷᠢᠭᠰᠠᠨ ᠪᠣᠯᠪᠠᠴᠤ ᠰᠢᠪᠠᠭᠤ ᠦᠷᠭᠦᠭᠡᠭᠴᠢ ᠦᠭᠡᠢ ᠡᠴᠡ ᠪᠣᠯᠵᠤ ᠨᠣᠭᠲᠣᠷᠣ᠂ ᠲᠠᠰ ᠵᠡᠷᠭᠡ ᠣᠯᠠᠨ ᠰᠢᠪᠠᠭᠤ ᠴᠠᠬᠢᠯᠭᠠᠨ ᠳᠤ ᠴᠣᠬᠢᠭᠤᠯᠵᠤ ᠡᠨᠳᠡᠵᠦ ᠪᠠᠢᠭ᠎ᠠ ᠶᠤᠮ ᠪᠠᠢᠨ᠎ᠠ᠃ ᠮᠥᠨ ᠲᠥᠰᠥᠯ ᠦᠨ ᠬᠡᠷᠡᠭᠵᠢᠯᠲᠡ ᠶᠢᠨ ᠦᠶ᠎ᠡ ᠪᠡᠷ ᠲᠥᠯᠥᠪᠯᠡᠭᠰᠡᠨ ᠲᠷᠠᠰᠰ ᠤᠨ ᠳᠠᠭᠠᠤ ᠰᠢᠪᠠᠭᠤᠨ ᠤ ᠤᠷᠢᠳᠴᠢᠯᠠᠭᠰᠠᠨ ᠰᠤᠳᠤᠯᠭ᠎ᠠ ᠬᠢᠵᠦ᠂ ᠱᠤᠭᠤᠮ ᠤᠨ ᠵᠠᠷᠢᠮ ᠲᠤᠯᠭᠠᠭᠤᠷᠢ ᠪᠠᠭᠠᠨ᠎ᠠ ᠶᠢᠨ ᠠᠶᠤᠩᠭ᠎ᠠ ᠭᠠᠵᠠᠷᠳᠠᠭᠤᠯᠬᠤ ᠵᠣᠷᠢᠭᠤᠯᠤᠯᠲᠠ ᠲᠠᠢ ᠳᠡᠭᠡᠳᠦ ᠨᠠᠷᠢᠨ ᠤᠲᠠᠰᠤᠨ ᠳᠤ ᠰᠢᠪᠠᠭᠤ ᠦᠷᠭᠦᠭᠡᠭᠴᠢ ᠰᠠᠭᠤᠷᠢᠯᠠᠭᠤᠯᠬᠤ ᠵᠥᠪᠯᠡᠮᠵᠢ ᠭᠠᠷᠭᠠᠵᠤ ᠪᠠᠢᠭᠰᠠᠨ ᠲᠤᠬᠠᠢ ᠢᠷᠭᠡᠳ ᠣᠨᠴᠠᠯᠠᠵᠠᠢ᠃



