ᠠᠯᠲᠠᠢ ᠤᠯᠤᠰ ᠲᠠᠢ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠪᠠᠢᠭᠤᠯᠤᠯ᠎ᠠ | News.MN

ᠠᠯᠲᠠᠢ ᠤᠯᠤᠰ ᠲᠠᠢ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠪᠠᠢᠭᠤᠯᠤᠯ᠎ᠠ

ᠣᠪᠰᠣ ᠠᠢᠮᠠᠭ ᠤᠨ ᠵᠠᠰᠠᠭ ᠳᠠᠷᠤᠭ᠎ᠠ ᠡ᠊ ∙ ᠨᠠᠰᠤᠨᠪᠠᠲᠤ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠷᠠᠮᠳᠠᠬᠤ ᠠᠯᠲᠠᠢ ᠤᠯᠤᠰ ᠲᠤ ᠵᠣᠴᠢᠯᠠᠭᠠᠳ ᠢᠷᠡᠯ᠎ᠡ᠃ ᠡᠨᠡ ᠦᠶ᠎ᠡ ᠪᠡᠷ ᠣᠪᠰᠣ ᠠᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠪᠣᠯᠤᠨ ᠪᠦᠭᠦᠳᠡ ᠨᠠᠢᠷᠠᠮᠳᠠᠬᠤ ᠠᠯᠲᠠᠢ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠬᠤᠳᠠᠯᠳᠤᠭ᠎ᠠ᠂ ᠡᠳ᠋ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ᠂ ᠨᠡᠢᠭᠡᠮ᠂ ᠰᠤᠶᠤᠯ ᠤᠨ ᠰᠠᠯᠪᠤᠷᠢ  ᠳ᠋ᠠᠬᠢ ᠣᠯᠠᠨ ᠤᠯᠤᠰ ᠤᠨ ᠪᠣᠯᠤᠨ ᠭᠠᠳᠠᠭᠠᠳᠤ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠬᠡᠯᠡᠯᠴᠡᠭᠡᠷ ᠲᠦ ᠭᠠᠷ ᠤᠨ ᠦᠰᠦᠭ ᠵᠢᠷᠤᠵᠠᠢ᠃

ᠲᠡᠳᠡ  ᠪᠦᠭᠦᠳᠡ ᠨᠠᠢᠷᠠᠮᠳᠠᠬᠤ ᠠᠯᠲᠠᠢ ᠤᠯᠤᠰ ᠤᠨ ᠵᠠᠰᠠᠭ ᠤᠨ ᠭᠠᠵᠠᠷ ᠤᠨ ᠳᠠᠷᠤᠭ᠎ᠠ ᠠ᠊ ∙ ᠰ ∙ ᠫᠷᠣᠺᠣᠫᠢᠶᠧᠸ᠂ ᠣᠷᠣᠯᠠᠭᠴᠢ ᠳᠠᠷᠤᠭ᠎ᠠ ᠪᠣᠯᠤᠨ ᠡᠳ᠋ ᠦᠨ ᠵᠠᠰᠠᠭ᠂ ᠪᠣᠯᠪᠠᠰᠤᠷᠠᠯ ᠤᠨ ᠰᠠᠢᠳ ᠨᠠᠷ ᠲᠠᠢ ᠠᠭᠤᠯᠵᠠᠵᠤ᠂ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ᠂ ᠪᠣᠯᠪᠠᠰᠤᠷᠠᠯ᠂ ᠰᠤᠶᠤᠯ ᠤᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠠᠯ᠎ᠠ ᠪᠠᠷ ᠰᠠᠨᠠᠯ ᠰᠣᠯᠢᠯᠴᠠᠭᠰᠠᠨ ᠪᠠᠢᠨ᠎ᠠ᠃

ᠰᠡᠳᠬᠢᠭᠳᠡᠯ ᠦᠯᠡᠳᠡᠭᠡᠬᠦ