ᠮᠣᠩᠭᠣᠯ ᠤᠯᠤᠰ ᠤᠨ ᠶᠡᠷᠦᠩᠬᠡᠢᠢᠯᠡᠭ᠍ᠴᠢ ᠶᠢᠨ ᠨᠡᠷᠡᠮᠵᠢᠲᠦ ᠨᠢᠰᠬᠡᠭᠴᠢ ᠦᠭᠡᠢ ᠨᠢᠰᠬᠦ ᠬᠡᠷᠡᠭᠰᠡᠯ ᠦᠨ ᠵᠢᠯᠣᠭᠣᠳᠤᠯᠭ᠎ᠠ᠂ ᠺᠤᠳ᠋ᠴᠢᠯᠠᠯ ᠤᠨ 《DRONECON-2026》 ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠭᠣᠪᠢ-ᠠᠯᠲᠠᠢ ᠠᠢᠮᠠᠭ ᠤᠨ ᠵᠠᠰᠠᠭ ᠳᠠᠷᠤᠭ᠎ᠠ ᠶᠢᠨ ᠳᠡᠷᠭᠡᠳᠡᠬᠢ 《ᠬᠤᠷᠳᠤᠨ》 ᠺᠯᠦ᠋ᠪ ᠤᠨ ᠲᠠᠮᠢᠷᠴᠢᠨ ᠠ᠊ ∙ ᠪᠣᠳᠢᠰᠤᠭᠠᠷ ᠳ᠋ᠷᠤᠨ ᠺᠤᠳ᠋ᠴᠢᠯᠠᠯ᠂ AI ᠲᠥᠷᠥᠯ ᠳᠦ ᠮᠥᠩᠭᠥᠨ ᠮᠧᠳᠠᠯ ᠬᠦᠷᠲᠡᠵᠦ᠂ ᠣᠯᠠᠨ ᠤᠯᠤᠰ ᠤᠨ ᠲᠡᠮᠡᠴᠡᠭᠡᠨ ᠳᠦ ᠤᠷᠤᠯᠴᠠᠬᠤ ᠡᠷᠬᠡ ᠠᠪᠴᠠᠢ᠃
ᠲᠡᠮᠡᠴᠡᠭᠡᠨ ᠦ 6-12 ᠨᠠᠰᠤᠨ ᠤ ᠠᠩᠭᠢᠯᠠᠯ ᠳᠤ ᠬᠠᠮᠤᠭ ᠤᠨ ᠵᠠᠯᠠᠭᠤ ᠣᠷᠣᠯᠴᠠᠭᠴᠢᠳ ᠤᠨ ᠨᠢᠭᠡ ᠪᠣᠯᠬᠤ ᠠ᠊ ∙ ᠪᠣᠳᠢᠰᠤᠭᠠᠷ ᠤᠷ᠎ᠠ ᠴᠢᠳᠠᠪᠤᠷᠢ᠂ ᠲᠧᠭᠨᠢᠭ ᠰᠡᠳᠬᠢᠯᠭᠡ᠂ ᠳᠠᠭᠠᠭᠠᠯᠭᠠᠪᠤᠷᠢ ᠭᠦᠢᠴᠡᠳᠭᠡᠬᠦ ᠴᠢᠳᠠᠪᠤᠷᠢ ᠪᠠᠷ ᠢᠶᠠᠨ ᠦᠶ᠎ᠡ ᠶᠢᠨ ᠬᠢᠨ ᠡᠴᠡ ᠪᠡᠨ ᠣᠨᠴᠠᠭᠠᠢᠷᠠᠵᠤ ᠠᠮᠵᠢᠯᠲᠠᠲᠠᠢ ᠣᠷᠣᠯᠴᠠᠭᠰᠠᠨ ᠪᠠᠢᠨ᠎ᠠ᠃ ᠲᠡᠷᠡᠪᠡᠷ 4 ᠨᠠᠰᠤᠲᠠᠢ ᠠᠴᠠ ᠪᠠᠨ ᠳ᠋ᠷᠤᠨ ᠰᠫᠣᠷᠲ᠂ ᠺᠤᠳ᠋ᠴᠢᠯᠠᠯ ᠤᠨ ᠴᠢᠭᠯᠡᠯ ᠢᠶᠡᠷ ᠬᠢᠴᠢᠶᠡᠯᠯᠡᠵᠦ ᠡᠬᠢᠯᠡᠭᠰᠡᠨ ᠪᠥᠭᠡᠳ ᠲᠠᠰᠤᠷᠠᠯᠲᠠ ᠦᠭᠡᠢ ᠪᠡᠯᠡᠳᠬᠡᠯ ᠰᠤᠷᠭᠠᠭᠤᠯᠢᠯᠠᠯᠲᠠ ᠶᠢᠨ ᠦᠷ᠎ᠡ ᠳ᠋ᠦᠩ ᠳᠦ ᠡᠨᠡ ᠬᠦ ᠠᠮᠵᠢᠯᠲᠠ ᠳᠤ ᠬᠦᠷᠴᠡᠢ᠃



