ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ᠊ ∙ ᠬᠦᠷᠡᠯᠰᠦ᠋ᠬᠡ ᠶᠢᠨ ᠤᠷᠢᠯᠭ᠎ᠠ ᠪᠠᠷ ᠪᠦᠭᠦᠳᠡ ᠨᠠᠢᠷᠠᠮᠳᠠᠬᠤ ᠦᠽᠪᠧᠺᠰᠲ᠋ᠠᠨ ᠤᠯᠤᠰ ᠤᠨ ᠶᠡᠷᠦᠩᠬᠡᠢᠢᠯᠡᠭ᠍ᠴᠢ ᠱᠠᠪᠺᠠᠲ ᠮᠢᠷᠽᠢᠶᠤᠶᠧ ᠥᠩᠭᠡᠷᠡᠭᠰᠡᠨ ᠣᠨ ᠳᠤ ᠮᠠᠨ ᠤ ᠤᠯᠤᠰ ᠲᠤ ᠲᠥᠷᠥ ᠶᠢᠨ ᠠᠢᠯᠴᠢᠯᠠᠯ ᠬᠢᠬᠦ ᠦᠶ᠎ᠡ ᠪᠡᠷ ᠬᠣᠶᠠᠷ ᠣᠷᠣᠨ ᠤ ᠰᠫᠣᠷᠲ ᠤᠨ ᠰᠠᠯᠪᠤᠷᠢ ᠳᠤ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠢᠭᠤᠯᠵᠤ᠂ ᠥᠰᠪᠦᠷᠢ ᠶᠢᠨ ᠪᠣᠺᠰᠴᠢᠳ ᠤᠨ ᠬᠠᠮᠲᠤᠷᠠᠭᠰᠠᠨ ᠪᠡᠯᠡᠳᠬᠡᠯ᠂ ᠰᠤᠷᠭᠠᠭᠤᠯᠢᠯᠠᠯᠲᠠ ᠶᠢ ᠵᠣᠬᠢᠶᠠᠨ ᠪᠠᠢᠭᠤᠯᠤᠭᠰᠠᠨ ᠪᠢᠯᠡ᠃
ᠡᠨᠡ ᠬᠦᠷᠢᠶᠡᠨ ᠳᠦ ᠮᠣᠩᠭᠣᠯ ᠤᠨ ᠥᠰᠪᠦᠷᠢ ᠶᠢᠨ 15 ᠪᠣᠺᠰᠴᠢᠨ ᠦᠽᠪᠧᠺᠰᠲ᠋ᠠᠨ ᠤ ᠲᠠᠱᠺᠧᠨᠲ ᠬᠣᠲᠠ ᠳᠦ ᠬᠠᠮᠲᠤᠷᠠᠭᠰᠠᠨ ᠪᠡᠯᠡᠳᠬᠡᠯ ᠬᠢᠵᠦ᠂ ᠤᠯᠠᠮ ᠢᠶᠠᠷ ᠲᠤᠰ ᠤᠯᠤᠰ ᠲᠤ ᠪᠣᠯᠤᠭᠰᠠᠨ ᠥᠰᠪᠦᠷᠢ ᠶᠢᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠠᠮᠵᠢᠯᠲᠠᠲᠠᠢ ᠣᠷᠣᠯᠴᠠᠵᠤ᠂ 15 ᠲᠠᠮᠢᠷᠴᠢᠨ ᠠᠴᠠ ᠵᠢᠷᠭᠤᠭ᠎ᠠ ᠨᠢ ᠮᠧᠳᠠᠯ ᠬᠦᠷᠲᠡᠵᠦ᠂ ᠱᠠᠩᠨᠠᠯ ᠤᠨ ᠲᠠᠪᠴᠠᠩ ᠳᠤ ᠵᠣᠭᠰᠣᠭᠰᠠᠨ ᠪᠠᠢᠨ᠎ᠠ᠃
ᠡᠨᠡ ᠨᠢ ᠮᠣᠩᠭᠣᠯ᠂ ᠦᠽᠪᠧᠺᠰᠲ᠋ᠠᠨ ᠤ ᠰᠫᠣᠷᠲ ᠤᠨ ᠬᠠᠮᠲᠤ ᠶᠢᠨ ᠠᠵᠢᠯᠯᠠᠭᠠᠨ ᠤ ᠪᠣᠳᠠᠲᠤ ᠦᠷ᠎ᠡ ᠳ᠋ᠦᠩ ᠪᠣᠯᠵᠤ ᠪᠤᠢ ᠪᠥᠭᠡᠳ ᠥᠰᠪᠦᠷᠢ ᠶᠢᠨ ᠲᠠᠮᠢᠷᠴᠢᠳ ᠤᠨ ᠤᠷ᠎ᠠ ᠴᠢᠳᠠᠪᠤᠷᠢ᠂ ᠣᠯᠠᠨ ᠤᠯᠤᠰ ᠤᠨ ᠲᠡᠮᠡᠴᠡᠭᠡᠨ ᠳᠦ ᠥᠷᠢᠰᠥᠯᠳᠥᠬᠦ ᠴᠢᠳᠠᠪᠤᠷᠢ ᠶᠢ ᠨᠡᠮᠡᠭᠳᠡᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠯ᠎ᠠ᠃



