ᠭᠠᠳᠠᠭᠠᠳᠤ ᠬᠠᠷᠢᠯᠴᠠᠭᠠᠨ ᠤ ᠰᠠᠢᠳ ᠪ ∙ ᠪᠡᠲᠦᠴᠡᠴᠡᠭ ᠹᠢᠨᠯᠠᠨᠳ᠋ ᠤᠯᠤᠰ ᠤᠨ ᠡᠳᠤᠰᠺᠤᠨᠲ᠋ᠠ︵ ᠤᠯᠤᠰ ᠤᠨ ᠬᠤᠷᠠᠯ︶ ᠳ᠋ᠡᠬᠢ ᠹᠢᠨᠯᠠᠨᠳ᠋᠂ ᠮᠣᠩᠭᠣᠯ ᠤᠨ ᠫᠠᠷᠯᠠᠮᠧᠨᠲ ᠤᠨ ᠪᠦᠯᠦᠭ ᠦᠨ ᠳᠡᠳ᠋ ᠳᠠᠷᠤᠭ᠎ᠠ ᠠᠲᠲ᠋ᠧ ᠺᠠᠯᠧᠸᠠ᠂ ᠡᠳᠤᠰᠺᠤᠨᠲ᠋ᠠ ᠶᠢᠨ ᠭᠡᠰᠢᠭᠦᠨ ᠲᠢᠮᠣ ᠬᠠᠷᠠᠺᠺᠠ ᠨᠠᠷ ᠢ ᠬᠦᠯᠢᠶᠡᠨ ᠠᠪᠴᠤ ᠠᠭᠤᠯᠵᠠᠪᠠ᠃
ᠠᠭᠤᠯᠵᠠᠯᠲᠠ ᠶᠢᠨ ᠦᠶ᠎ᠡ ᠪᠡᠷ ᠮᠣᠩᠭᠣᠯ᠂ ᠹᠢᠨᠯᠠᠨᠳ᠋ ᠤᠨ ᠤᠯᠠᠮᠵᠢᠯᠠᠯᠲᠤ ᠨᠠᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ ᠥᠷᠭᠡᠵᠢᠭᠦᠯᠬᠦ᠂ ᠲᠤᠬᠠᠢᠯᠠᠪᠠᠯ᠂ ᠡᠳ᠋ ᠦᠨ ᠵᠠᠰᠠᠭ᠂ ᠪᠣᠯᠪᠠᠰᠤᠷᠠᠯ᠂ ᠣᠢ ᠶᠢᠨ ᠠᠵᠤ ᠠᠬᠤᠢ᠂ ᠨᠣᠭᠣᠭᠠᠨ ᠬᠥᠭᠵᠢᠯ᠂ ᠢᠨᠨᠣᠸᠠᠴ ᠤᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ ᠠᠰᠠᠭᠤᠳᠠᠯ ᠢᠶᠠᠷ ᠰᠠᠨᠠᠯ ᠰᠣᠯᠢᠯᠴᠠᠯ᠎ᠠ᠃ ᠮᠥᠨ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠶᠠᠷᠢᠶ᠎ᠠ ᠬᠡᠯᠡᠯᠴᠡᠭᠡ᠂ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠢᠯᠴᠢᠯᠠᠯ ᠰᠡᠭᠦᠯ ᠦᠨ ᠵᠢᠯ ᠦᠳ ᠲᠦ ᠢᠳᠡᠪᠬᠢᠲᠡᠢ ᠥᠷᠨᠢᠵᠦ ᠪᠠᠢᠭ᠎ᠠ ᠶᠢ ᠳᠤᠷᠠᠳᠴᠤ᠂ ᠬᠣᠶᠠᠷ ᠤᠯᠤᠰ ᠤᠨ ᠡᠳ᠋ ᠦᠨ ᠵᠠᠰᠠᠭ᠂ ᠨᠡᠢᠭᠡᠮ ᠳᠦ ᠬᠠᠷᠢᠯᠴᠠᠨ ᠠᠰᠢᠭᠲᠠᠢ ᠲᠥᠰᠥᠯ᠂ ᠬᠥᠲᠥᠯᠪᠦᠷᠢ ᠨᠦᠭᠦᠳ ᠢ ᠨᠡᠮᠡᠭᠳᠡᠭᠦᠯᠬᠦ ᠨᠢ ᠴᠢᠬᠤᠯᠠ ᠭᠡᠳᠡᠭ ᠢ ᠣᠨᠴᠠᠯᠠᠯ᠎ᠠ᠃
ᠹᠢᠨᠯᠠᠨᠳ᠋ ᠤᠯᠤᠰ ᠤᠨ 《Honka》᠂ 《Metso》᠂ 《EduTen》 ᠵᠡᠷᠭᠡ ᠺᠣᠮᠫᠠᠨᠢ ᠮᠠᠨ ᠤ ᠤᠯᠤᠰ ᠤᠨ ᠪᠠᠷᠢᠯᠭ᠎ᠠ᠂ ᠠᠭᠤᠯᠠ ᠠᠭᠤᠷᠬᠠᠢ᠂ ᠪᠣᠯᠪᠠᠰᠤᠷᠠᠯ ᠤᠨ ᠰᠠᠯᠪᠤᠷᠢ ᠳᠤ ᠠᠮᠵᠢᠯᠲᠠᠲᠠᠢ ᠦᠢᠯᠡ ᠠᠵᠢᠯᠯᠠᠭ᠎ᠠ ᠶᠠᠪᠤᠭᠤᠯᠵᠤ ᠪᠠᠢᠨ᠎ᠠ᠃



